ᠮᠠᠨ ᠤ ᠬᠤᠲᠠ ᠴᠤ᠋ ᠰᠢᠨ᠎ᠡ ︽ᠰᠥᠨᠢ ᠶᠢᠨ ᠠᠵᠤ ᠠᠬᠤᠶ︾ ᠶᠢᠨ ᠪᠠᠶᠢᠳᠠᠯ ᠢ ᠪᠣᠶ ᠪᠣᠯᠭᠠᠪᠠ
ᠨᠡᠶᠢᠲᠡᠯᠡᠭᠰᠡᠨ ᠴᠠᠭ᠄
2023/6/9
                      ᠬᠡᠳᠦᠨ ᠡᠳᠦᠷ ᠤᠨ ᠲᠤᠷᠱᠢ᠂ ᠽᠢ ᠪᠦᠸᠧ ᠱᠢᠷᠠᠮᠠᠯ ᠢᠳᠡᠭᠡᠨ ᠤ ᠰᠦᠯᠵᠢᠶᠡᠨ ᠤ ᠬᠠᠯᠠᠭᠤᠷᠠᠯ᠂ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠣᠯᠠᠨ ᠡᠭᠡᠯᠵᠢ ᠶᠢᠨ ᠰᠤᠷᠤᠯᠴᠠᠯᠭ᠎ᠠ ᠪᠠᠶᠢᠴᠠᠭᠠᠯᠳᠠ ᠪᠠᠷ ᠳᠠᠮᠵᠢᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ︽ᠬᠤᠲᠠ ᠶᠢᠨ ᠡᠮᠦᠨᠡᠬᠢ ᠰᠥᠨᠢ ᠶᠢᠨ ᠵᠠᠬ᠎ᠠ ᠳᠡᠯᠭᠡᠭᠦᠷ︾ ᠢ ᠭᠠᠷᠭᠠᠵᠤ᠂ ᠮᠠᠨ ᠤ ᠬᠤᠲᠠ ᠶᠢᠨ ᠴᠣ ᠰᠢᠨ᠎ᠡ ︽ᠰᠥᠨᠢ ᠶᠢᠨ ᠠᠵᠤ ᠠᠬᠤᠢ︾ ᠶᠢᠨ ᠪᠠᠶᠢᠳᠠᠯ ᠢ ᠪᠣᠢ ᠪᠣᠯᠭᠠᠪᠠ᠃
  ︽ᠬᠤᠲᠠ ᠶᠢᠨ ᠡᠮᠦᠨ᠎ᠡ ᠰᠥᠨᠢ ᠶᠢᠨ ᠵᠠᠬ᠎ᠠ ᠳᠡᠯᠭᠡᠭᠦᠷ︾ ᠨᠢ ᠬᠤᠲᠠ ᠶᠢᠨ ᠵᠢᠭᠤᠯᠴᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠲᠣᠮᠣ ᠬᠦᠷᠢᠶᠡᠯᠡᠩ ᠳᠤ ᠪᠠᠶᠢᠷᠢᠯᠠᠵᠤ᠂ ᠦᠢᠯᠡᠴᠢᠯᠡᠭᠡᠨ ᠤ ᠲᠥᠪ ᠤᠨ ᠤᠤᠯ ᠤᠨ ᠰᠠᠭᠤᠷᠢ ᠲᠥᠬᠦᠭᠡᠷᠦᠮᠵᠢ ᠳᠤ ᠲᠦᠰᠢᠭᠯᠡᠨ᠂ ᠴᠡᠴᠡᠷᠯᠢᠭ ᠤᠨ ᠬᠡᠯᠪᠡᠷᠢ ᠶᠢᠨ ᠵᠢᠷᠤᠭ ᠲᠥᠯᠥᠪᠯᠡᠭᠡ ᠶᠢᠨ ᠬᠡᠪ ᠨᠠᠮᠪᠠ ᠪᠠ ᠬᠠᠭᠠᠰ ᠨᠡᠪᠲᠡᠷᠡᠬᠦ ᠴᠢᠨᠠᠷᠲᠠᠶ ᠬᠤᠭᠤᠯᠠᠯᠠᠬᠤ ᠣᠷᠴᠢᠨ ᠲᠣᠭᠤᠷᠢᠨ ᠲᠠᠢ ᠤᠶᠠᠯᠳᠤᠭᠤᠯᠤᠨ᠂ ᠰᠢᠷᠠᠮᠠᠯ ᠠᠮᠲᠠᠲᠤ ᠢᠳᠡᠭᠡᠨ ᠤ ᠫᠢᠸᠤ᠋ ᠶᠢᠨ ᠲᠣᠭᠤᠷᠢᠭ᠂ ᠬᠡᠭᠡᠷ᠎ᠡ ᠪᠠᠭᠤᠳᠠᠯᠯᠠᠬᠤ ᠲᠣᠭᠤᠷᠢᠭ᠂ ᠪᠣᠳᠠᠰ ᠤᠨ ᠪᠤᠰᠤ ᠰᠣᠶᠣᠯ ᠤᠨ ᠥᠪ ᠪᠠ ᠰᠦᠯᠵᠢᠶᠡᠨ ᠤ ᠬᠠᠯᠠᠮᠰᠢᠷᠡᠯ ᠲᠠᠸᠠᠷ ᠬᠤᠳᠠᠯᠳᠤᠬᠤ ᠲᠣᠭᠤᠷᠢᠭ᠂ ᠰᠡᠷᠢᠭᠦᠨ ᠳᠠᠭᠳᠦ ᠲᠦᠷᠢᠶᠡᠰᠦᠯᠡᠬᠦ ᠲᠣᠭᠤᠷᠢᠭ᠂ ᠮᠠᠰᠢᠨ ᠲᠡᠷᠭᠡᠨ ᠤ ᠪᠡᠯᠡᠳᠬᠡᠯ ᠬᠠᠶᠢᠷᠴᠠᠭᠲᠤ ᠲᠣᠭᠤᠷᠢᠭ ᠵᠡᠷᠭᠡ ᠣᠯᠠᠨ ᠴᠢᠳᠠᠮᠵᠢᠲᠤ ᠣᠷᠣᠨ ᠪᠦᠰᠡ ᠶᠢ ᠲᠥᠯᠥᠪᠵᠢᠭᠦᠯᠪᠡ᠃
   ᠳᠡᠯᠭᠡᠭᠡ ᠮᠠᠶᠢᠮᠠᠢ ᠪᠠ ᠠᠵᠢᠯᠯᠠᠬᠤ ᠲᠠᠰᠤᠯᠭ᠎ᠠ ᠨᠢ ᠤᠤᠯ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠵᠤ ᠪᠦᠲᠦᠭᠡᠪᠡ᠂ ᠣᠳᠣᠬᠠᠨ ᠳᠤ ᠶᠠᠭ ᠰᠠᠶᠢᠬᠠᠨ ᠪᠣᠭᠤᠮᠲᠠ ᠶᠢᠨ ᠤᠨᠴᠠᠯᠢᠭᠳᠤ ᠰᠣᠶᠣᠯ ᠵᠢᠭᠤᠯᠴᠢᠯᠠᠯ ᠤᠨ ᠡᠯᠧᠮᠧᠨ᠋ᠲ ᠤᠨ ᠦᠵᠡᠮᠵᠢ ᠶᠢ ᠵᠢᠷᠤᠭᠯᠠᠵᠤ᠂ ᠬᠡᠭᠡᠷ᠎ᠡ ᠪᠠᠭᠤᠳᠠᠯᠯᠠᠬᠤ ᠰᠠᠭᠤᠷᠢᠨ ᠭᠠᠵᠠᠷ ᠢ ᠵᠡᠷᠭᠡᠪᠡᠷ ᠪᠠᠶᠢᠭᠤᠯᠵᠤ ᠪᠠᠶᠢᠨ᠎ᠠ᠃ ᠨᠢᠭᠡᠨᠲᠡ ᠰᠢᠷᠠᠯᠭ᠎ᠠ᠂ ᠠᠮᠲᠠᠲᠤ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ ᠲᠠᠸᠠᠷ ᠵᠡᠷᠭᠡ ᠬᠤᠳᠠᠯᠳᠤᠭᠠᠴᠢᠨ ᠢ ᠣᠷᠣᠭᠤᠯᠤᠨ ᠠᠪᠴᠢᠷᠠᠵᠤ᠂ ᠵᠠᠯᠭᠠᠭᠠᠳ ᠫᠢᠸᠤ᠋ ᠶᠢᠨ ᠦᠢᠯᠡᠳᠪᠦᠷᠢ ᠶᠢᠨ ᠰᠢᠨ᠎ᠡ ᠰᠣᠷᠭᠤᠭ ᠫᠢᠸᠤ᠋ ᠬᠤᠳᠠᠯᠳᠤᠬᠤ ᠪᠠ ᠫᠣᠣᠫᠢ PARTY ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠰᠥᠨᠢ ᠶᠢᠨ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ︽ᠬᠤᠲᠠ ᠶᠢᠨ ᠡᠮᠦᠨ᠎ᠡ ᠰᠥᠨᠢ ᠶᠢᠨ ᠵᠠᠬ᠎ᠠ ᠳᠡᠯᠭᠡᠭᠦᠷ︾ ᠤᠨ ᠦᠷᠭᠦᠯᠵᠢᠯᠡᠨ ᠴᠡᠴᠡᠭᠯᠡᠨ ᠬᠥᠭᠵᠢᠬᠦ ᠶᠢ ᠠᠬᠢᠭᠤᠯᠪᠠ᠃    ︽ᠬᠤᠲᠠ ᠶᠢᠨ ᠡᠮᠦᠨᠡᠬᠢ ᠰᠥᠨᠢ ᠶᠢᠨ ᠵᠠᠬ᠎ᠠ ᠳᠡᠯᠭᠡᠭᠦᠷ︾ 6 ᠰᠠᠷ᠎ᠠ ᠶᠢᠨ 10 ᠤ ᠡᠳᠦᠷ ᠠᠴᠠ ᠡᠬᠢᠯᠡᠵᠦ 70 ᠡᠳᠦᠷ ᠪᠣᠯᠤᠨ᠎ᠠ᠃ ᠲᠤᠬᠠᠢ ᠶᠢᠨ ᠴᠠᠭ ᠲᠤ᠂ ᠬᠤᠲᠠ ᠶᠢᠨ ᠠᠷᠠᠳ ᠪᠠ ᠵᠤᠭᠠᠴᠠᠭᠰᠠᠳ ᠠᠳᠡ ᠨᠢᠭᠡ ᠥᠷᠲᠡᠭᠡ ᠮᠠᠶ᠋ᠢᠭ ᠤᠨ ᠢᠳᠡᠵᠦ ᠤᠤᠭᠤᠬᠤ ᠨᠠᠭᠠᠳᠴᠤ ᠲᠣᠭᠯᠠᠬᠤ ᠶᠢ ᠪᠡᠶᠡᠯᠡᠭᠦᠯᠵᠦ ᠪᠣᠯᠤᠨ᠎ᠠ᠃ ᠡᠭᠦᠨ ᠤ ᠬᠠᠮᠲᠤ ᠪᠢᠯᠧᠲ ᠬᠤᠳᠠᠯᠳᠤᠬᠤ ᠪᠠᠷ ᠳᠠᠮᠵᠢᠭᠤᠯᠤᠨ᠂ ᠤᠯᠤᠰ ᠤᠨ ᠡᠭᠦᠳᠡᠨ ᠤ ᠦᠵᠡᠮᠵᠢ ᠶᠢᠨ ᠣᠷᠣᠨ ᠪᠠ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢ ᠤᠬᠠᠭᠤᠯᠤᠨ ᠲᠠᠨᠢᠯᠴᠠᠭᠤᠯᠵᠤ᠂ ᠵᠤᠭᠠᠴᠠᠭᠰᠠᠳ ᠤᠨ ᠣᠶᠢᠯᠠᠭᠠᠯᠲᠠ ᠶᠢ ᠪᠠᠶᠠᠯᠢᠭᠵᠢᠭᠤᠯᠵᠤ᠂ ᠰᠥᠨᠢ ᠶᠢᠨ ᠬᠡᠷᠡᠭᠯᠡᠭᠡᠨ ᠤ ᠳᠡᠰ ᠪᠠ ᠪᠡᠶᠡᠴᠢᠯᠡᠨ ᠣᠶᠢᠯᠠᠭᠠᠬᠤ ᠲᠥᠷᠥᠭᠳᠡᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠢᠯᠡᠰ ᠤᠨ ᠰᠡᠷᠭᠦᠯᠲᠡ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ᠂ ᠪᠣᠭᠤᠮᠲᠠ ᠶᠢᠨ ᠰᠣᠶᠣᠯ ᠵᠤᠭᠠᠴᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃    ᠬᠤᠲᠠ ᠶᠢᠨ ᠪᠣᠭᠤᠮᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ︽ᠬᠤᠲᠠ ᠶᠢᠨ ᠡᠮᠦᠨ᠎ᠡ ᠬᠡᠰᠡᠭ ᠤᠨ ᠵᠠᠬ᠎ᠠ ᠳᠡᠯᠭᠡᠭᠦᠷ︾ ᠲᠤ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠬᠤᠳᠠᠯᠳᠤᠭᠠᠴᠢᠨ ᠡᠷᠦᠬᠡ ᠡᠨᠡ ᠬᠦ ᠲᠠᠪᠴᠠᠩ ᠢ ᠠᠰᠢᠭᠯᠠᠨ ᠥᠪᠡᠷ ᠤᠨ ᠪᠦᠲᠦᠭᠡᠭᠳᠡᠬᠦᠨ ᠢᠶᠠᠨ ᠲᠠᠨᠢᠯᠴᠠᠭᠤᠯᠵᠤ ᠪᠣᠯᠤᠨ᠎ᠠ᠃ ᠡᠭᠦᠨ ᠠᠴᠠ ᠭᠠᠳᠠᠨ᠎ᠠ᠂ ᠪᠥᠬᠦ ᠠᠷᠠᠳ ᠤᠨ ᠳᠠᠭᠤᠨ ᠤ ᠤᠷᠤᠯᠳᠤᠭᠠᠨ ᠶᠠᠪᠤᠭᠤᠯᠬᠤ ᠪᠠᠷ ᠲᠥᠯᠥᠪᠯᠡᠵᠦ᠂ ᠣᠷᠣᠶ ᠨᠢᠭᠡᠪᠦᠷᠢ ᠶᠢᠨ ︽ᠬᠤᠲᠠ ᠶᠢᠨ ᠡᠮᠦᠨᠡᠬᠢ ᠰᠥᠨᠢ ᠶᠢᠨ ᠵᠠᠬ᠎ᠠ ᠳᠡᠯᠭᠡᠭᠦᠷ︾ ᠢ ᠴᠥᠮ ᠪᠠᠶᠠᠷ ᠬᠥᠷ ᠲᠠᠢ ᠳᠠᠭᠤᠯᠠᠵᠤ᠂ ᠨᠠᠩ ᠣᠯᠠᠨ ᠬᠤᠳᠠᠯᠳᠤᠭᠠᠴᠢᠨ ᠪᠠ ᠬᠤᠲᠠ ᠶᠢᠨ ᠠᠷᠠᠳ ᠢ ᠠᠳᠡ ᠴᠤᠭᠯᠠᠷᠠᠭᠤᠯᠵᠤ᠂ ᠰᠥᠨᠢ ᠶᠢᠨ ᠵᠠᠬ᠎ᠠ ᠳᠡᠯᠭᠡᠭᠦᠷ ᠤᠨ ᠬᠥᠮᠦᠰ ᠤᠨ ᠬᠦᠷᠢᠶᠡᠯᠡᠯ ᠢ ᠣᠯᠵᠤ᠂ ᠪᠣᠭᠤᠮᠲᠠ ᠶᠢᠨ ᠠᠵᠤ ᠠᠬᠤᠶ ᠶᠢ  ᠰᠡᠷᠬᠦᠬᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号