| 6 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠷᠢᠶᠡᠨ ᠬᠤᠲᠠ ᠶᠢᠨ ᠳᠤᠮᠳᠠᠳᠤ ᠤᠯᠤᠰ ᠤᠨ ᠣᠯᠠᠨ ᠤᠯᠤᠰ ᠤᠨ | ᠵᠢᠭᠤᠯᠴᠢᠯᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠠᠴᠠ ᠬᠠᠪᠰᠤᠷᠤᠨ ᠡᠷᠭᠢᠯᠡᠭᠰᠡᠨ ︽ᠲᠦᠮᠡᠨ ᠭᠠᠵᠠᠷ ᠤᠨ | ᠴᠠᠢ ᠶᠢᠨ ᠵᠠᠮ᠂ ᠲᠠᠯ᠎ᠠ ᠨᠤᠲᠤᠭ ᠤᠨ ᠴᠢᠬᠡᠴᠢ ᠰᠣᠷᠳᠠᠯ︾ ᠳᠣᠯᠣᠳᠤᠭᠠᠷ ᠬᠤᠭᠤᠴᠠᠭᠠᠨ ᠤ ᠮᠣᠲ᠋ᠣᠷ ᠲᠡᠷᠭᠡᠨ ᠤ | ᠨᠠᠭᠠᠳᠤᠮ ᠤᠨ ᠠᠵᠢᠯᠯᠠᠭ᠎ᠠ ᠨᠢ ᠴᠠᠢ ᠶᠢᠨ ᠵᠠᠮ ᠤᠨ ᠮᠦᠽᠧᠶ ᠳᠤ ᠲᠡᠷᠭᠡ ᠬᠥᠳᠡᠯᠬᠦ ᠶᠣᠰᠣᠯᠠᠯ ᠶᠠᠪᠤᠭᠤᠯᠪᠠ᠃ | | | | | | ᠲᠣᠰ ᠤᠳᠠᠭᠠᠨ ᠤ ᠠᠵᠢᠯᠯᠠᠭ᠎ᠠ ᠳᠤ ᠪᠥᠬᠦ ᠤᠯᠤᠰ ᠤᠨ 7 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ / ᠮᠤᠵᠢ ︵ᠣᠷᠣᠨ᠂ ᠬᠤᠲᠠ︶ / ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | / ᠮᠤᠵᠢ᠂ ᠣᠷᠣᠨ᠂ ᠬᠤᠲᠠ ᠶᠢᠨ ᠮᠣᠲ᠋ᠣᠷ ᠲᠡᠷᠭᠡᠨ ᠤ ᠺᠯᠦ᠋ᠪ ᠤᠨ 34 ᠮᠣᠲ᠋ᠣᠷ ᠲᠡᠷᠭᠡ ᠶᠢ ᠴᠤᠭᠯᠠᠭᠤᠯᠪᠠ᠃ ᠲᠡᠷᠭᠡ | ᠬᠥᠳᠡᠯᠬᠦ ᠶᠣᠰᠣᠯᠠᠯ ᠳᠡᠭᠡᠷ᠎ᠡ᠂ ᠮᠠᠰᠢᠨ ᠲᠡᠷᠭᠡᠨ ᠳᠤ ᠪᠠᠭ᠋ᠠᠲᠠᠶ ᠬᠥᠮᠦᠰ ᠬᠠ ᠯᠸᠢ᠂ ᠪᠦᠦ ᠮᠠ᠂ ᠪᠧᠨ ᠲᠢᠶᠠᠨ ᠵᠡᠷᠭᠡ ᠣᠯᠠᠨ | ᠤᠯᠤᠰ ᠤᠨ ᠨᠠᠷᠠᠲᠤ ᠲᠥᠷᠥᠯ ᠲᠡᠮᠳᠡᠭᠲᠦ ᠮᠣᠲ᠋ᠣᠷ ᠲᠡᠷᠭᠡ ᠶᠢ ᠵᠢᠯᠣᠭᠤᠳᠤᠨ ᠲᠣᠭᠤᠷᠢᠨ ᠦᠵᠡᠪᠡ᠃ ᠶᠣᠰᠣᠯᠠᠯ | ᠳᠠᠭᠤᠰᠤᠭᠰᠠᠨ ᠤ ᠳᠠᠷᠠᠭ᠎ᠠ᠂ ᠮᠣᠲ᠋ᠣᠷᠴᠢᠳ ᠬᠢᠯᠢ ᠠᠴᠠ ᠭᠠᠷᠬᠤ ᠭᠠᠷ ᠭᠦᠢᠴᠡᠳᠬᠡᠯ ᠬᠢᠵᠦ᠂ ᠡᠷᠢᠶᠡᠨ ᠵᠠᠰᠠᠮᠠᠯ ᠵᠠᠮ ᠤᠨ | ᠪᠣᠭᠤᠮᠲᠠ ᠪᠠᠷ ᠬᠢᠯᠢ ᠠᠴᠠ ᠭᠠᠷᠪᠠ᠃ | ᠡᠷᠢᠶᠡᠨ ᠭᠠᠶᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠬᠤᠶᠠᠳᠤᠭᠠᠷ ᠰᠠᠯᠠᠭᠠᠨ ᠤ ᠳᠠᠷᠤᠭ᠎ᠠ ᠶᠠᠩ ᠽᠧ᠂ | ︽ᠡᠷᠢᠶᠡᠨ ᠭᠠᠶᠢᠯᠢ ᠶᠢᠨ ᠪᠣᠭᠤᠮᠲᠠ ᠶᠢᠨ ᠲᠤᠰᠬᠠᠢ ᠬᠥᠮᠦᠨ ᠠᠵᠢᠯ ᠤᠨ ᠪᠠᠶᠢᠷᠢ ᠶᠢᠨ ᠪᠦᠬᠦ ᠶᠠᠪᠤᠴᠠ ᠶᠢ ᠮᠥᠷᠳᠡᠨ | ᠵᠣᠯᠭᠠᠭᠤᠯᠵᠤ᠂ ᠬᠢᠯᠢ ᠠᠴᠠ ᠭᠠᠷᠬᠤ ᠬᠥᠮᠦᠰ ᠢ ᠵᠢᠯᠣᠭᠤᠳᠤᠨ ᠬᠤᠪᠢ ᠬᠥᠮᠦᠨ ᠤ ᠡᠷᠡᠭᠦᠯ ᠮᠡᠨᠳᠦ ᠶᠢ ᠮᠡᠳᠡᠭᠦᠯᠬᠦ ᠠᠵᠢᠯ ᠢ | ᠤᠷᠢᠳᠴᠢᠯᠠᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠶᠠᠪᠤᠴᠠ ᠶᠢ ᠰᠢᠯᠢᠳᠡᠭᠵᠢᠭᠦᠯᠦᠨ᠂ ᠪᠣᠭᠤᠮᠲᠠ ᠪᠠᠷ ᠥᠩᠭᠡᠷᠡᠬᠦ | ᠰᠠᠭᠠᠳ ᠦᠭᠡᠢ ᠵᠠᠮ ᠢ ᠨᠡᠭᠡᠭᠡᠵᠦ᠂ ᠲᠡᠷᠡ ᠳᠠᠷᠤᠢ ᠳᠤᠨᠢ ᠬᠠᠷᠭᠤᠭᠤᠯᠤᠨ ᠳᠠᠷᠦ᠋ᠢᠬᠠᠨ ᠲᠠᠯᠪᠢᠬᠤ ᠶᠢ ᠪᠠᠲᠤᠯᠠᠨ᠎ᠠ︾ ᠭᠡᠵᠦ | ᠬᠡᠯᠡᠪᠡ᠃ | ᠡᠨᠡ ᠪᠣᠯ 2019 ᠣᠨ ᠠᠴᠠ ᠬᠤᠶᠢᠰᠢ᠂ ᠮᠠᠨ ᠤ ᠬᠤᠲᠠ ᠳᠠᠬᠢᠨ ᠨᠢᠭᠡ ᠣᠳᠠᠭ᠎ᠠ ᠮᠣᠲ᠋ᠣᠷᠴᠢᠳ ᠢ ᠵᠣᠬᠢᠶᠠᠨ | ᠪᠠᠶᠢᠭᠤᠯᠣᠨ ᠮᠣᠩᠭᠤᠯ ᠤᠯᠤᠰ ᠤᠨ ᠨᠡᠶᠢᠰᠯᠡᠯ ᠤᠯᠠᠭᠠᠨᠪᠠᠭᠠᠲᠤᠷ ᠲᠤ ᠬᠦᠷᠴᠦ ᠣᠯᠠᠨ ᠤᠯᠤᠰ ᠤᠨ ᠮᠣᠲ᠋ᠣᠷ ᠲᠡᠷᠭᠡᠨ ᠤ | ᠨᠠᠭᠠᠳᠤᠮ ᠳᠤ ᠣᠷᠣᠯᠴᠠᠵᠤ ᠪᠠᠶᠢᠭ᠎ᠠ ᠶᠠᠪᠤᠳᠠᠯ ᠪᠣᠯᠤᠨ᠎ᠠ᠃ ᠮᠥᠷᠦ᠋ᠢᠴᠡᠭᠡᠨ ᠳᠤ ᠠᠪᠴᠤ ᠬᠡᠯᠡᠪᠡᠯ᠂ ᠡᠨᠡ ᠬᠦ ᠠᠵᠢᠯᠯᠠᠭ᠎ᠠ ᠨᠢ | ᠵᠥᠪᠬᠡᠨ ᠮᠣᠲ᠋ᠣᠷ ᠲᠡᠷᠭᠡᠨ ᠤ ᠤᠷᠤᠯᠳᠤᠭᠠᠨ ᠤ ᠬᠤᠷᠳᠤᠴᠠ ᠪᠠᠷ ᠪᠠᠷᠠᠬᠤ ᠦᠭᠡᠢ᠂ ᠨᠠᠩ ᠴᠤ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠰᠡᠯᠡᠭᠦᠴᠡᠨ ᠵᠢᠭᠤᠯᠴᠢᠯᠠᠬᠤ ᠲᠠᠢ ᠭᠦᠨᠵᠡᠭᠡᠢ ᠤᠶᠠᠯᠳᠤᠭᠤᠯᠤᠭᠰᠠᠨ ᠮᠣᠲ᠋ᠣᠷ ᠤᠨᠤᠬᠤ ᠣᠶᠢᠯᠠᠭᠠᠯᠲᠠ ᠪᠣᠯᠬᠤ | ᠪᠥᠭᠡᠳ ᠪᠠᠰᠠ ᠤᠯᠤᠰ ᠤᠨ ᠳᠣᠲᠣᠭᠠᠳᠤ ᠭᠠᠳᠠᠭᠠᠳᠤ ᠶᠢᠨ ᠮᠥᠷᠦ᠋ᠢᠴᠡᠬᠦ ᠨᠠᠶᠢᠵᠠ ᠨᠠᠷ ᠤᠨ ᠰᠣᠯᠢᠯᠴᠠᠵᠤ ᠶᠠᠷᠢᠯᠴᠠᠬᠤ ᠶᠢᠨ | ᠣᠯᠳᠠᠰᠢ ᠦᠭᠡᠢ ᠠᠵᠠ ᠲᠣᠬᠢᠶᠠᠯ ᠪᠣᠯᠤᠨ᠎ᠠ᠃ | | | | | | ᠲᠣᠰ ᠤᠳᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ᠂ ᠲᠠᠯ᠎ᠠ ᠨᠤᠲᠤᠭ ᠤᠨ ᠴᠢᠬᠡᠴᠢ ᠰᠤᠷᠲᠠᠯ︾ ᠮᠣᠲ᠋ᠣᠷ | ᠲᠡᠷᠭᠡᠨ ᠤ ᠬᠢᠯᠢ ᠠᠴᠠ ᠭᠠᠷᠴᠤ ᠵᠤᠭᠠᠴᠠᠬᠤ ᠠᠵᠢᠯᠯᠠᠭ᠎ᠠ ᠪᠣᠯ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ | ᠦᠷᠭᠦᠯᠵᠢᠯᠡᠯ ᠪᠠᠶᠢᠵᠤ᠂ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠭᠠᠵᠠᠷ ᠣᠷᠣᠨ ᠢ ᠳᠠᠶᠢᠴᠢᠯᠠᠨ ᠠᠵᠤ ᠠᠬᠤᠶ᠂ | ᠰᠣᠶᠣᠯ᠂ ᠵᠢᠭᠤᠯᠴᠢᠯᠠᠯ ᠤᠨ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠬᠤᠲᠠ ᠶᠢᠨ | ᠬᠢᠯᠢ ᠠᠯᠤᠰᠯᠠᠭᠰᠠᠨ ᠵᠢᠭᠤᠯᠴᠢᠯᠠᠯ ᠤᠨ ᠲᠠᠲᠠᠬᠤ ᠬᠦᠴᠦᠨ ᠢ ᠨᠡᠮᠡᠭᠳᠡᠭᠦᠯᠵᠦ᠂ ᠪᠣᠭᠤᠮᠲᠠ ᠶᠢᠨ ᠵᠢᠭᠤᠯᠴᠢᠯᠠᠯ᠂ ᠰᠣᠶᠣᠯ᠂ | ᠪᠡᠶ᠎ᠡ ᠶᠢᠨ ᠲᠠᠮᠢᠷ ᠤᠨ ᠦᠢᠯᠡᠰ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠪᠣᠯᠤᠨ᠎ᠠ᠃ | | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ | ᠡᠬᠢᠯᠡᠯᠲᠡ ᠶᠢᠨ ᠵᠢᠯ ᠮᠥᠨ᠃ ᠮᠠᠨ ᠤ ᠬᠤᠲᠠ ᠪᠣᠭᠤᠮᠲᠠ ᠶᠢᠨ ᠭᠠᠵᠠᠷ ᠣᠷᠣᠨ ᠤ ᠳᠠᠪᠠᠭᠤᠯᠢᠭ ᠲᠤ ᠨᠢᠭᠲᠠ ᠲᠦᠰᠢᠭᠯᠡᠨ᠂ | ︽ᠤᠮᠠᠷᠠᠲᠤ ᠬᠢᠯᠢ ᠶᠢᠨ ᠡᠭᠦᠳᠡ᠂ ᠴᠠᠢ ᠶᠢᠨ ᠵᠠᠮ᠂ ᠮᠢᠩᠭᠠᠨ ᠵᠢᠯ ᠤᠨ ᠥᠷᠲᠡᠭᠡ᠂ ᠠᠪᠤᠷᠭᠤ ᠭᠦᠷᠪᠡᠯ ᠤᠨ ᠬᠠᠭᠤᠴᠢᠨ | ᠰᠠᠭᠤᠷᠢᠨ ᠭᠠᠵᠠᠷ︾ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠶ ᠠᠭᠤᠳᠠᠯᠵᠤ᠂ ᠰᠣᠶᠣᠯ ᠵᠢᠭᠤᠯᠴᠢᠯᠠᠯ ᠤᠨ ᠰᠠᠭᠤᠷᠢ | ᠲᠥᠬᠦᠭᠡᠷᠦᠮᠵᠢ ᠶᠢ ᠲᠠᠰᠤᠷᠠᠯᠲᠠ ᠥᠬᠡᠶ ᠡᠮᠬᠢᠯᠡᠨ ᠨᠡᠶᠢᠯᠡᠭᠦᠯᠵᠦ ᠲᠡᠭᠦᠯᠳᠡᠷᠵᠢᠭᠦᠯᠦᠨ᠂ ᠦᠵᠡᠮᠵᠢ ᠶᠢᠨ ᠣᠷᠣᠨ ᠤ | ᠵᠢᠭᠤᠯᠴᠢᠯᠠᠯ ᠤᠨ ᠬᠠᠩᠭᠠᠯᠭ᠎ᠠ ᠶᠢ ᠪᠠᠶᠠᠯᠢᠭᠵᠢᠭᠤᠯᠵᠤ᠂ ᠰᠢᠩᠬᠡᠬᠡᠬᠦ᠂ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ ᠤᠨ | ᠲᠥᠷᠥᠯ ᠵᠦᠢᠯ ᠢ ᠣᠷᠣᠭᠤᠯᠤᠨ ᠠᠪᠴᠢᠷᠠᠵᠤ᠂ ᠤᠯᠠᠭ᠎ᠠ ᠦᠷᠳᠡᠭᠡ ᠵᠠᠮ ᠤᠨ ᠰᠣᠶᠣᠯ ᠢᠶᠠᠷ ᠣᠨᠴᠠᠯᠢᠭ ᠪᠣᠯᠭᠠᠭᠰᠠᠨ᠂ | ᠤᠯᠤᠰ ᠤᠨ ᠡᠭᠦᠳᠡᠨ ᠤ ᠰᠣᠶᠣᠯ ᠢᠶᠠᠷ ᠳᠦᠷᠢ ᠪᠣᠯᠭᠠᠭᠰᠠᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ | ᠪᠠᠶᠢᠷᠢᠰᠢᠯ ᠢ ᠪᠣᠶ ᠪᠣᠯᠭᠠᠪᠠ᠃ | |