ᠡᠷᠢᠶᠡᠨ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨ ᠲᠠᠢ ᠪᠣᠯᠪᠠ
ᠨᠡᠶᠢᠲᠡᠯᠡᠭᠰᠡᠨ ᠴᠠᠭ᠄
2023/7/18
 
  ᠵᠤᠨ ᠤ ᠠᠮᠠᠷᠠᠯᠲᠠ ᠶᠢᠨ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠣᠶᠢᠷ᠎ᠠ ᠶᠢᠨ ᠡᠳᠦᠷ ᠤᠳ ᠲᠤ ᠮᠠᠨ ᠤ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠵᠦ᠂ ᠵᠢᠭᠤᠯᠴᠢᠯᠠᠯ ᠤᠨ ᠬᠥᠮᠦᠨ ᠤ ᠲᠤᠭ᠎ᠠ ᠲᠠᠰᠤᠷᠠᠯᠲᠠ ᠥᠬᠡᠶ ᠳᠡᠭᠡᠭᠰᠢᠯᠡᠪᠡ᠃ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢ ᠶᠢ ᠨᠡᠶᠢᠲᠡ 68.04 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 316% ᠪᠠᠷ ᠨᠡᠮᠡᠭᠳᠡᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ ᠶᠢ 12.53 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 574.2% ᠨᠡᠮᠡᠭᠳᠡᠪᠡ᠃    ᠢᠯᠢᠨ ᠤ ᠤᠯᠠᠭ᠎ᠠ ᠥᠷᠲᠡᠭᠡᠨ ᠤ ᠮᠦᠽᠧᠶ ᠪᠣᠯ ᠮᠠᠨ ᠤ ᠬᠤᠲᠠ ᠶᠢᠨ ᠴᠢᠬᠤᠯᠠ ᠲᠡᠦᠬᠡ ᠶᠢᠨ ᠦᠯᠡᠳᠡᠭᠳᠡᠯ ᠪᠠ ᠪᠣᠭᠤᠮᠲᠠ ᠶᠢᠨ ᠵᠠᠮ ᠳᠡᠭᠡᠷ᠎ᠡ ᠬᠥᠭᠵᠢᠨ ᠴᠡᠴᠡᠭᠯᠡᠭᠰᠡᠨ ᠲᠡᠦᠬᠡ ᠶᠢᠨ ᠭᠡᠷᠡᠴᠢ ᠮᠥᠨ᠃ ᠮᠦᠽᠧᠶ ᠨᠢ ᠠᠯᠢ ᠣᠯᠠᠨ ᠪᠣᠳᠠᠲᠤ ᠪᠣᠳᠠᠰ᠂ ᠤᠳᠬ᠎ᠠ ᠵᠣᠬᠢᠶᠠᠯ᠂ ᠱᠤᠭᠤᠮᠠᠯ᠂ ᠪᠠᠭᠤᠯᠭᠠᠪᠤᠷᠢ ᠪᠠ ᠣᠯᠠᠨ ᠵᠠᠭᠤᠴᠢᠯᠠᠭᠤᠷ ᠲᠠᠢ ᠤᠶᠠᠯᠳᠤᠭᠤᠯᠬᠤ ᠪᠠᠷ ᠳᠠᠮᠵᠢᠭᠤᠯᠤᠨ᠂ ᠵᠤᠭᠠᠴᠠᠭᠰᠠᠳ ᠲᠤ ᠥᠷᠲᠡᠭᠡ ᠶᠢᠨ ᠲᠡᠤᠬᠡ᠂ ᠡᠭᠦᠰᠦᠯ᠂ ᠬᠥᠭᠵᠢᠯᠲᠡ ᠪᠠ ᠠᠭᠤᠯᠤᠭᠳᠠᠵᠤ ᠪᠠᠶᠢᠭ᠎ᠠ ᠰᠣᠶᠣᠯ ᠤᠨ ᠠᠭᠤᠯᠤᠭᠳᠠᠬᠤᠨ ᠢ ᠶᠠᠷᠢᠵᠤ ᠥᠭᠴᠦ᠂ ᠣᠯᠠᠨ ᠬᠠᠷᠠᠭᠠᠰᠤ᠂ ᠣᠯᠠᠨ ᠲᠠᠰ ᠳᠠᠪᠬᠤᠷᠭ᠎ᠠ ᠠᠴᠠ ᠡᠷᠢᠶᠡᠨ ᠬᠤᠲᠠ ᠶᠢᠨ ᠲᠡᠤᠬᠡ ᠶᠢᠨ ᠪᠣᠯᠪᠠᠰᠤᠨ ᠢ ᠳᠡᠯᠭᠡᠨ ᠦᠵᠡᠭᠦᠯᠵᠡᠶ᠃    ᠰᠢᠯᠢᠩᠬᠤᠲᠠ ᠶᠢᠨ ᠵᠤᠭᠠᠴᠠᠭᠴᠢ ᠼᠤᠤ ᠠᠪᠠᠭ᠋ᠠᠢ᠄ ︽ᠠᠮᠠᠷᠠᠯᠲᠠ ᠶᠢᠨ ᠬᠤᠭᠤᠴᠠᠭᠠᠨ ᠳᠤ ᠪᠠᠨ ᠬᠡᠦᠬᠡᠳ ᠢᠶᠠᠨ ᠳᠠᠭᠠᠭᠤᠯᠤᠨ ᠠᠳᠡ ᠢᠷᠡᠵᠦ ᠡᠷᠢᠶᠡᠨ ᠤ ᠢᠯᠢᠨ ᠥᠷᠲᠡᠭᠡ ᠶᠢᠨ ᠮᠦᠽᠧᠢ ᠶᠢ ᠦᠵᠡᠨ᠎ᠡ᠃ ᠠᠳᠡ ᠡᠷᠢᠶᠡᠨ ᠤ ᠬᠥᠭᠵᠢᠯᠲᠡ ᠶᠢᠨ ᠲᠡᠦᠬᠡ ᠲᠠᠢ᠂ ᠮᠠᠰᠢ ᠤᠯᠠᠨ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠬᠠᠷᠠᠭᠠᠳ᠂ ᠮᠡᠳᠡᠯᠭᠡ ᠪᠠᠨ ᠨᠡᠮᠡᠭᠳᠡᠭᠦᠯᠦᠭᠰᠡᠨ ᠪᠥᠭᠡᠳ ᠮᠠᠰᠢ ᠪᠠᠶᠠᠷᠯᠠᠵᠤ ᠪᠠᠶᠢᠨ᠎ᠠ︾ ᠭᠡᠵᠦ ᠬᠡᠯᠡᠪᠡ᠃    ᠡᠨᠡ ᠵᠢᠯ ᠠᠴᠠ ᠨᠠᠰᠢ᠂ ᠮᠠᠨ ᠤ ᠬᠤᠲᠠ ᠣᠲᠣ ᠶᠢᠨ ᠪᠠᠶᠢᠭ᠎ᠠ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠤ ᠡᠬᠢ ᠪᠠᠶᠠᠯᠢᠭ ᠢ ᠭᠦᠢᠴᠡᠳ ᠠᠭᠤᠳᠠᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠪᠦᠲᠦᠭᠡᠭᠳᠡᠬᠦᠨ ᠢ ᠦᠷᠭᠦᠯᠵᠢᠯᠡᠨ ᠬᠠᠩᠭᠠᠵᠤ᠂ ᠡᠯᠪᠡᠭ ᠪᠠᠶᠠᠯᠢᠭ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠴᠡᠴᠡᠭᠯᠡᠨ ᠬᠥᠭᠵᠢᠪᠡ᠃  ︽ᠲᠠᠯ᠎ᠠ ᠨᠤᠲᠤᠭ ᠤᠨ ᠪᠡᠯᠡᠳᠬᠡᠯ ᠡᠷᠢᠶᠡᠨ ᠬᠤᠳᠠ︾᠂ ︽5 · 19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ ᠥᠪᠥᠷ ᠮᠣᠩᠭᠤᠯ ᠤᠨ ᠬᠤᠶᠠᠳᠤᠭᠠᠷ ᠬᠤᠭᠤᠴᠠᠭᠠᠨ ᠤ ᠮᠣᠷᠢᠲᠤ ᠴᠡᠷᠢᠭ ᠤᠨ ᠨᠠᠭᠠᠳᠤᠮ ᠤᠨ ᠭᠤᠣᠯ ᠰᠡᠳᠦᠪᠲᠦ ᠠᠵᠢᠯᠯᠠᠭ᠎ᠠ᠂ ᠬᠤᠶᠠᠳᠤᠭᠠᠷ ᠬᠤᠭᠤᠴᠠᠭᠠᠨ ᠤ ︽ᠲᠦᠮᠡᠨ ᠭᠠᠵᠠᠷ ᠤᠨ ᠴᠠᠢ ᠶᠢᠨ ᠵᠠᠮ ᠤᠨ ᠴᠢᠭᠤᠯᠣᠯᠳᠦ ᠬᠠᠭᠠᠯᠭ᠎ᠠ — ᠬᠦᠷᠢᠶ᠎ᠡ ᠬᠦᠷᠬᠦ ᠵᠠᠮ︾   ᠤᠨ ᠮᠣᠲ᠋ᠣᠷ ᠤᠨᠤᠬᠤ ᠤᠷᠤᠯᠳᠤᠭᠠᠨ ᠤ ᠡᠷᠢᠶᠡᠨ ᠬᠤᠳᠠ ᠶᠢᠨ ᠬᠡᠰᠡᠭ - ︽ᠡᠷᠢᠶᠡᠨ ᠬᠤᠳᠠ ᠶᠢᠨ ᠲᠡᠮᠳᠡᠭᠯᠡᠯ︾ ᠤᠨ ᠵᠠᠮ ᠱᠤᠭᠤᠮ ᠤᠨ ᠤᠷᠤᠯᠳᠤᠭᠠᠨ᠂ ︽ᠬᠤᠳᠠ ᠶᠢᠨ ᠡᠮᠦᠨ᠎ᠡ ᠰᠥᠨᠢ ᠶᠢᠨ ᠵᠠᠬ᠎ᠠ ᠳᠡᠯᠭᠡᠭᠦᠷ︾ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠡᠷᠬᠢᠯᠡᠵᠦ᠂ ᠡᠯ᠎ᠡ ᠭᠠᠵᠠᠷ ᠤᠨ ᠵᠤᠭᠠᠴᠠᠭᠰᠠᠳ ᠲᠤ ᠨᠡᠩ ᠤᠯᠠᠨ ᠰᠢᠨ᠎ᠡ ᠨᠠᠭᠠᠳᠬᠤ ᠠᠷᠭ᠎ᠠ᠂ ᠰᠢᠨ᠎ᠡ ᠣᠶᠢᠯᠠᠭᠠᠯᠲᠠ ᠬᠠᠩᠭᠠᠪᠠ᠃    ᠣᠶᠢᠯᠠᠭᠠᠭᠰᠠᠨ ᠢᠶᠠᠷ᠂ ᠳᠣᠤᠷ᠎ᠠ ᠬᠠᠭᠠᠰ ᠵᠢᠯ ᠳᠤ᠂ ᠮᠠᠨ ᠤ ᠬᠤᠲᠠ ᠪᠠᠰᠠ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ · ᠡᠷᠢᠶᠡᠨ ᠬᠤᠲᠠ ᠶᠢᠨ ︽ᠴᠠᠢ ᠶᠢᠨ ᠵᠠᠮ︾ ᠤᠨ ᠰᠣᠶᠣᠯ ᠤᠨ ᠨᠠᠶᠢᠷ ᠵᠢᠴᠢ ᠠᠷᠪᠠᠨ ᠳᠣᠯᠣᠳᠤᠭᠠᠷ ᠬᠤᠭᠤᠴᠠᠭᠠᠨ ᠤ ᠰᠣᠶᠣᠯ ᠤᠷᠠᠯᠢᠭ ᠤᠨ ᠨᠠᠶᠢᠷ᠂ ᠡᠷᠢᠶᠡᠨ ᠬᠤᠲᠠ ᠶᠢᠨ ᠳᠤᠮᠳᠠᠳᠤ ᠮᠣᠩᠭᠤᠯ ᠣᠷᠣᠰ ᠤᠨ ᠨᠠᠭᠠᠳᠤᠮ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ ᠳᠤᠮᠳᠠᠳᠤ ᠮᠣᠩᠭᠤᠯ ᠣᠷᠣᠰ ᠤᠨ ᠲᠣᠤᠷ ᠪᠥᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ ᠳᠤᠮᠳᠠᠳᠤ ᠮᠣᠩᠭᠤᠯ ᠣᠷᠣᠰ ᠤᠨ ᠲᠡᠪᠡᠭ ᠤᠨ ᠤᠷᠢᠯᠭ᠎ᠠ ᠶᠢᠨ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠡᠷᠭᠢᠯᠡᠵᠦ᠂ ᠪᠣᠭᠤᠮᠲᠠ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠴᠡᠴᠡᠭᠯᠡᠨ ᠬᠥᠭᠵᠢᠬᠦ ᠶᠢ ᠤᠯᠠᠮ ᠨᠢᠭᠡ ᠠᠯᠬᠤᠮ ᠳᠠᠶᠢᠴᠢᠯᠠᠬᠤ ᠪᠣᠯᠤᠨ᠎ᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号