ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠬᠤ ᠪᠠᠯᠠ ᠮᠥᠩᠭᠦ ᠶᠢᠨ ᠲᠥᠷᠥᠯ ᠵᠦᠢᠯ ᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠬᠡᠷᠡᠭᠵᠢᠭᠦᠯᠬᠦ ᠨᠠᠷᠢᠨ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2023/7/19
ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ ᠪᠡᠯᠡ ᠮᠥᠩᠭᠦ ︵ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ ᠮᠥᠩᠭᠦ ᠪᠠ ᠨᠡᠶᠢᠭᠡᠮ ᠤᠨ ᠪᠡᠯᠡᠭᠯᠡᠨ ᠬᠦᠷᠭᠡᠭᠰᠡᠨ ᠪᠡᠯᠡ ᠮᠥᠩᠭᠦ ᠪᠠᠭᠲᠠᠨ᠎ᠠ︶ ︵ᠳᠣᠷᠣᠭᠰᠢ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ︾ ᠭᠡᠵᠦ ᠲᠣᠪᠴᠢᠯᠠᠨ᠎ᠠ︶ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ ᠵᠦᠢᠯ ᠤᠨ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠠᠷᠢᠶᠠᠴᠢᠨ ᠡᠷᠦᠬᠡ ᠶᠢ ᠲᠠᠶᠢᠴᠢᠯᠠᠨ ᠠᠵᠤ ᠦᠢᠯᠡᠰ ᠤᠨ ᠬᠥᠭᠵᠢᠯᠲᠡ ᠳᠤ ᠣᠷᠣᠯᠴᠠᠭᠤᠯᠵᠤ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠬᠦᠴᠦᠲᠡᠢ ᠳᠡᠮᠵᠢᠯᠭᠡ ᠬᠠᠩᠭᠠᠨ᠎ᠠ᠃    ᠬᠤᠶᠠᠷ᠂ ᠵᠠᠷᠴᠢᠮ ᠢ ᠪᠠᠷᠢᠮᠳᠠᠯᠠᠬᠤ    ︵ᠨᠢᠭᠡ︶ ᠲᠥᠷᠥᠯ ᠵᠦᠢᠯ ᠤᠨ ᠦᠷ᠎ᠡ ᠠᠰᠢᠭ ᠬᠢᠭᠡᠳ ᠲᠠᠷᠢᠶᠠᠯᠠᠩ ᠲᠠᠢ ᠬᠤᠯᠪᠣᠭᠠᠯᠠᠨ ᠲᠠᠷᠢᠶᠠᠯᠠᠩ ᠢ ᠳᠠᠶᠢᠴᠢᠯᠠᠬᠤ ᠲᠠᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃    ︵ᠬᠤᠶᠠᠷ︶ ᠦᠷ᠎ᠡ ᠠᠰᠢᠭ ᠢ ᠳᠠᠶᠢᠴᠢᠯᠠᠬᠤ ᠪᠠ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠯᠦᠭᠡ ᠤᠶᠠᠯᠳᠤᠭᠤᠯᠬᠤ ᠶᠢ ᠪᠠᠷᠢᠮᠳᠠᠯᠠᠬᠤ ᠬᠡᠷᠡᠭᠳᠠᠢ᠃   ︵ᠭᠤᠷᠪᠠ︶ ᠵᠠᠰᠠᠭ ᠤᠨ ᠣᠷᠳᠣᠨ ᠢᠶᠠᠷ ᠭᠤᠤᠯᠯᠠᠭᠤᠯᠬᠤ ᠪᠠ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ᠃    ᠭᠤᠷᠪᠠ᠂ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠡᠳᠡᠭᠡᠳ ᠢ ᠲᠣᠭᠲᠠᠭᠠᠬᠤ    ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠪᠣᠯᠤᠨ ᠬᠢᠨᠠᠨ ᠬᠡᠮᠵᠢᠬᠦ ᠡᠲᠡᠭᠡᠳ ᠢ ᠭᠤᠤᠯᠳᠠᠯᠭ᠎ᠠ ᠲᠠᠢ ᠬᠠᠪᠰᠤᠷᠤᠨ ᠲᠡᠳᠬᠦᠵᠦ᠂ ᠡᠨᠡᠬᠦ ᠰᠠᠭᠤᠷᠢᠨ ᠳᠡᠭᠡᠷ᠎ᠡ ᠪᠤᠰᠤᠳ ᠲᠠᠷᠢᠶᠠᠴᠢᠨ ᠡᠷᠦᠬᠡ ᠶᠢᠨ ᠬᠥᠭᠵᠢᠯᠲᠡ ᠶᠢ ᠡᠮᠬᠢ ᠵᠢᠷᠤᠮ ᠲᠠᠢ ᠪᠠᠷ ᠳᠠᠶᠢᠴᠢᠯᠠᠬᠤ ᠬᠡᠷᠡᠭᠲᠡᠶ᠃ ᠲᠠᠷᠢᠶᠠᠴᠢᠨ ᠡᠷᠦᠬᠡ ᠶᠢᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠰᠢᠷᠭᠠᠭᠤ ᠬᠥᠳᠡᠯᠮᠦᠷᠢ ᠳᠤ ᠲᠦᠰᠢᠭᠯᠡᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠵᠢᠯ ᠤᠨ ᠤᠳᠤᠷᠢᠳᠤᠮᠵᠢ ᠶᠢ ᠴᠢᠩᠭᠠᠳᠬᠠᠵᠤ᠂ ᠤᠯᠠᠨ ᠲᠦᠮᠡᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠳᠥᠷᠪᠡ᠂ ᠲᠠᠷᠢᠶᠠᠯᠠᠩ ᠯᠤᠭ᠎ᠠ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠷᠭ᠎ᠠ ᠮᠠᠶ᠋ᠢᠭ ᠢ ᠵᠢᠷᠤᠮᠵᠢᠭᠤᠯᠬᠤ ᠬᠡᠷᠡᠭᠲᠡᠶ    ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ ᠠᠷᠭ᠎ᠠ ᠮᠠᠶ᠋ᠢᠭ ᠲᠤ ᠭᠤᠣᠯᠳᠠᠭᠤ ᠠᠵᠢᠯ ᠣᠯᠭᠤᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ ︵ᠳᠡᠭᠡᠷᠡᠬᠢ ᠬᠤᠶᠠᠷ ᠵᠦᠢᠯ ᠤᠨ ᠠᠷᠭ᠎ᠠ ᠮᠠᠶ᠋ᠢᠭ ᠤᠨ ᠵᠢᠯ ᠤᠨ ᠠᠵᠢᠯ ᠣᠯᠬᠤ ᠴᠠᠭ ᠢ 3 ᠰᠠᠷ᠎ᠠ ᠠᠴᠠ ᠳᠣᠣᠷ᠎ᠠ ᠪᠠᠶᠢᠯᠭᠠᠵᠤ ᠪᠣᠯᠬᠤ ᠦᠭᠡᠢ︶᠂ ᠵᠠᠬᠢᠶᠠᠯᠠᠭ᠎ᠠ ᠶᠢᠨ ᠬᠠᠭᠤᠳᠠᠰᠤ ᠪᠠᠷ ᠦᠢᠯᠡᠳᠪᠦᠷᠢᠯᠡᠬᠦ᠂ ᠨᠠᠶᠢᠳᠠᠨ ᠠᠰᠠᠷᠠᠭᠤᠯᠵᠤ ᠨᠠᠶᠢᠳᠠᠨ ᠬᠠᠮᠢᠶᠠᠷᠤᠭᠤᠯᠬᠤ᠂ ᠦᠢᠯᠡᠳᠬᠦᠨ ᠢ ᠣᠷᠣᠯᠠᠨ ᠪᠣᠷᠣᠯᠠᠭᠤᠯᠬᠤ᠂ ᠬᠠᠮᠠᠭᠠᠯᠠᠯᠲᠠ ᠶᠢᠨ ᠦᠨ᠎ᠡ ᠪᠠᠷ ᠬᠤᠳᠠᠯᠳᠤᠨ ᠠᠪᠬᠤ᠂ ᠰᠠᠭᠤᠷᠢ ᠶᠢ ᠪᠠᠲᠤᠯᠠᠵᠤ ᠠᠰᠢᠭ ᠬᠦᠷᠲᠡᠬᠦ᠂ ᠬᠤᠪᠢ ᠣᠷᠣᠭᠤᠯᠬᠤ ᠵᠡᠷᠭᠡ ᠶᠢ ᠪᠠᠭᠲᠠᠭᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号