ᠲᠦᠮᠡᠨ ᠭᠠᠵᠠᠷ ᠤᠨ ᠴᠠᠢ ᠶᠢᠨ ᠵᠠᠮ ᠢᠶᠠᠷ ᠶᠠᠪᠤᠵᠤ ᠤᠯᠤᠰ ᠠᠯᠤᠰᠯᠠᠭᠰᠠᠨ ᠭᠤᠶᠣ ᠦᠵᠡᠮᠵᠢ ᠶᠢ ᠰᠣᠨᠢᠷᠬᠠᠶ᠎ᠠ︕ 2023 ᠳᠤᠮᠳᠠᠳᠤ ᠮᠣᠩᠭᠤᠯ ᠣᠷᠣᠰ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠮᠠᠰᠢᠨ ᠳᠡᠷᠭᠡᠨ ᠤ ᠵᠤᠭᠠᠴᠠᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/7/20
   7 ᠰᠠᠷ᠎ᠠ ᠶᠢᠨ 18 ᠤ ᠡᠳᠦᠷ᠂ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠷᠢᠶᠡᠨ ᠬᠤᠲᠠ ᠶᠢᠨ ᠳᠤᠮᠳᠠᠳᠤ ᠤᠯᠤᠰ ᠤᠨ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠠᠴᠠ ᠳᠠᠭᠠᠭᠠᠴᠢᠯᠠᠨ ᠡᠷᠭᠢᠯᠡᠭᠰᠡᠨ 2023 ᠳᠤᠮᠳᠠᠳᠤ ᠮᠣᠩᠭᠤᠯ ᠣᠷᠣᠰ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠮᠠᠰᠢᠨ ᠳᠡᠷᠭᠡᠨ ᠤ ᠵᠤᠭᠠᠴᠠᠬᠤ ᠠᠩᠬᠠᠨ ᠤ ᠡᠬᠢᠯᠡᠯᠲᠡ ᠶᠢᠨ ᠶᠣᠰᠣᠯᠠᠯ ᠮᠠᠨ ᠤ ᠬᠤᠲᠠ ᠳᠤ ᠶᠠᠪᠤᠭᠳᠠᠪᠠ᠃ ᠳᠣᠬᠢᠶᠠᠨ ᠳᠠᠭᠤ ᠳᠣᠣᠭᠠᠷᠬᠤ ᠶᠢ ᠳᠠᠭᠠᠯᠳᠤᠨ᠂ ᠮᠠᠰᠢᠨ ᠳᠡᠷᠭᠡᠨ ᠤ ᠵᠤᠭᠠᠴᠠᠬᠤ ᠠᠵᠢᠯᠯᠠᠭ᠎ᠠ ᠳᠤ ᠣᠷᠣᠯᠴᠠᠬᠤ ᠲᠡᠷᠭᠡ ᠮᠠᠰᠢᠨ ᠵᠡᠷᠭᠡᠪᠡᠷ ᠮᠣᠷᠳᠠᠵᠤ᠂ ᠡᠨᠡ ᠤᠳᠠᠭᠠᠨ ᠤ ᠤᠯᠤᠰ ᠠᠯᠤᠰᠯᠠᠭᠰᠠᠨ ᠮᠠᠰᠢᠨ ᠳᠡᠷᠭᠡᠨ ᠤ  ᠵᠤᠭᠠᠴᠠᠬᠤ ᠠᠵᠢᠯᠯᠠᠭ᠎ᠠ ᠡᠬᠢᠯᠡᠯ᠎ᠡ᠃
  ᠲᠣᠰ ᠤᠳᠠᠭ᠎ᠠ ᠬᠤᠪᠢ ᠶᠢᠨ ᠲᠡᠷᠭᠡ ᠪᠠᠷ ᠵᠣᠭᠠᠴᠠᠬᠤ ᠪᠥᠬᠦ ᠶᠠᠪᠤᠴᠠ ᠨᠢ 14 ᠡᠳᠦᠷ ᠪᠠᠶᠢᠵᠤ᠂ ᠬᠢᠯᠢ ᠶᠢᠨ ᠭᠠᠳᠠᠨ᠎ᠠ 3500 ᠺᠢᠯᠣᠮᠧᠲᠷ ᠪᠠᠶᠢᠪᠠ᠃ ᠮᠠᠰᠢᠨ ᠲᠡᠷᠭᠡᠨ ᠤ ᠠᠩᠭᠢ ᠥᠷᠭᠡᠨ ᠠᠭᠤᠳᠠᠮ ᠮᠣᠩᠭᠤᠯ ᠤᠨ ᠥᠨᠳᠦᠷᠯᠢᠭ ᠢᠶᠠᠷ ᠥᠩᠭᠡᠷᠡᠵᠦ᠂ ᠥᠷᠭᠡᠨ ᠠᠭᠤᠳᠠᠮ ᠡᠯᠡᠰᠦᠨ ᠭᠤᠪᠢ ᠶᠢᠨ ᠲᠠᠯ᠎ᠠ ᠨᠤᠲᠤᠭ ᠤᠨ ᠦᠵᠡᠮᠵᠢ ᠶᠢ ᠣᠶᠢᠯᠠᠭᠠᠵᠤ᠂ ᠣᠷᠣᠰ ᠤᠨ ᠭᠦᠨ ᠠᠭᠤᠯᠠᠨ ᠤ ᠢᠭᠴᠤ ᠰᠠᠬᠤᠯᠢᠭ ᠣᠢ ᠳᠤ ᠣᠷᠣᠵᠤ᠂ ᠨᠠᠮ ᠰᠡᠯᠡᠭᠦᠨ ᠴᠠᠭᠠᠨ ᠬᠤᠰᠤᠨ ᠣᠢ ᠳᠤ ᠬᠦᠷᠴᠦ᠂ ᠨᠡᠯᠦᠭᠡᠷ ᠶᠡᠭᠡ ᠪᠠᠶᠢᠭᠠᠯ ᠨᠠᠭᠤᠷ ᠢᠶᠠᠷ ᠲᠣᠭᠤᠷᠢᠨ ᠦᠵᠡᠵᠦ᠂ ᠣᠯᠠᠨ ᠳᠡᠰ ᠳᠠᠪᠬᠤᠷᠭ᠎ᠠ ᠶᠢᠨ ᠬᠠᠷᠠᠭᠠᠨ ᠤ ᠰᠡᠷᠡᠯ ᠢ ᠪᠡᠶᠡᠴᠢᠯᠡᠨ ᠣᠶᠢᠯᠠᠭᠠᠵᠤ᠂ ᠣᠷᠣᠰ ᠤᠨ ᠵᠠᠩ ᠦᠢᠯᠡ ᠶᠢ ᠣᠶᠢᠯᠠᠭᠠᠵᠤ᠂ ᠣᠷᠣᠰ ᠤᠨ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠵᠤ᠂ ᠰᠣᠶᠣᠯ ᠤᠨ ᠵᠦᠷᠢᠶ᠎ᠡ ᠶᠢ ᠬᠠᠮᠲᠤ ᠪᠠᠷ ᠡᠳ᠋ᠯᠡᠵᠦ᠂ ᠠᠳᠠᠯᠢ ᠪᠤᠰᠤ ᠤᠯᠤᠰ ᠠᠯᠤᠰᠯᠠᠭᠰᠠᠨ ᠠᠶᠠᠯᠠᠯ ᠢ ᠪᠡᠶᠡᠯᠡᠭᠦᠯᠦᠨ᠎ᠡ᠃
   2023 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠤᠷᠤᠰ ᠤᠨ ᠮᠣᠰᠺᠸᠠ ᠶᠢᠨ ᠤᠯᠠᠨ ᠤᠯᠤᠰ ᠤᠨ ᠬᠠᠷᠢᠯᠴᠠᠭᠠᠨ ᠤ ᠳᠡᠭᠡᠳᠦ ᠰᠤᠷᠭᠠᠭᠤᠯᠢ ᠳᠤ ᠶᠠᠷᠢᠶ᠎ᠠ ᠲᠠᠯᠪᠢᠵᠤ᠂ ᠲᠦᠮᠡᠨ ᠭᠠᠵᠠᠷ ᠤᠨ ᠴᠠᠢ ᠶᠢᠨ ᠵᠠᠮ ᠪᠣᠯ ᠳᠤᠮᠳᠠᠳᠤ ᠤᠷᠤᠰ ᠬᠤᠶᠠᠷ ᠤᠯᠤᠰ ᠢ ᠬᠤᠯᠪᠣᠭᠠᠯᠠᠭᠰᠠᠨ ︽ᠡᠷᠡᠨ ᠵᠠᠭᠤᠨ ᠤ ᠯᠤᠭᠰᠢᠯᠲᠠ︾ ᠶᠢᠨ 10 ᠵᠢᠯ ᠤᠨ ᠤᠢ ᠪᠣᠯᠤᠨ᠎ᠠ᠂ ᠮᠥᠨᠴᠦ ᠲᠦᠮᠡᠨ ᠭᠠᠵᠠᠷ ᠤᠨ ᠴᠠᠢ ᠶᠢᠨ ᠵᠠᠮ ᠢ ᠰᠣᠶᠣᠯ ᠤᠨ ᠥᠪ ᠢᠶᠠᠷ ᠮᠡᠳᠡᠭᠦᠯᠬᠦ ᠶᠢ ᠲᠦᠷᠭᠡᠳᠬᠡᠨ ᠠᠬᠢᠭᠤᠯᠬᠤ ᠴᠢᠬᠤᠯᠠ ᠨᠢᠭᠡ ᠵᠢᠯ ᠪᠣᠯᠤᠨ᠎ᠠ᠃ ᠲᠤᠰ ᠤᠳᠠᠭ᠎ᠠ ᠳᠤᠮᠳᠠᠳᠤ ᠮᠣᠩᠭᠤᠯ ᠣᠷᠣᠰ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠮᠠᠰᠢᠨ ᠳᠡᠷᠭᠡᠨ ᠤ ᠵᠤᠭᠠᠴᠠᠬᠤ ᠪᠦᠯᠬᠦᠮ ᠲᠤᠬᠠᠢ ᠶᠢᠨ ᠵᠢᠯ ᠤᠨ ᠴᠠᠢ ᠶᠢᠨ ᠬᠤᠳᠠᠯᠳᠤᠭᠠᠨ ᠤ ᠲᠡᠮᠡᠭᠡᠨ ᠵᠢᠩ ᠤᠨ ᠴᠠᠢ ᠫᠠᠨᠽᠠᠯᠠᠬᠤ ᠵᠠᠮ ᠢᠶᠠᠷ ᠣᠷᠣᠭᠰᠢᠯᠠᠵᠦ᠂ ᠠᠳᠠᠯᠢ ᠪᠤᠰᠤ ᠭᠠᠵᠠᠷ ᠣᠷᠣᠨ ᠤ ᠵᠠᠩ ᠦᠢᠯᠡ ᠶᠢ ᠣᠶᠢᠯᠠᠭᠠᠵᠦ᠂ ᠪᠠᠶᠢᠭᠠᠯᠢ ᠶᠢᠨ ᠦᠵᠡᠰᠭᠦᠯᠡᠩᠲᠦ ᠰᠠᠶᠢᠬᠠᠨ ᠢ ᠳᠡᠯᠡᠬᠡᠢ ᠳ᠋ᠠᠬᠢᠨ ᠤ ᠬᠥᠮᠦᠰ ᠲᠤ ᠳᠠᠮᠵᠢᠭᠤᠯᠬᠤ ᠪᠣᠯᠤᠨ᠎ᠠ᠃
  ᠨᠢᠭᠡ ᠵᠤᠷᠪᠤᠰ ᠴᠠᠢ ᠶᠢᠨ ᠵᠠᠮ ᠡᠮᠦᠨ᠎ᠡ ᠤᠮᠠᠷ᠎ᠠ ᠬᠦᠷᠲᠡᠯ᠎ᠡ ᠲᠦᠮᠡᠨ ᠭᠠᠵᠠᠷ ᠠᠶᠠᠯᠠᠨ᠎ᠠ᠃ ︽ᠲᠦᠮᠡᠨ ᠭᠠᠵᠠᠷ ᠤᠨ ᠴᠠᠢ ᠶᠢᠨ ᠵᠠᠮ︾ ᠪᠣᠯ ︽ᠲᠣᠷᠭᠠᠨ ᠵᠠᠮ︾ ᠢ ᠵᠠᠯᠭᠠᠭᠰᠠᠨ ᠤ ᠳᠠᠷᠠᠭ᠎ᠠ ᠠᠽᠢᠶ᠎ᠠ ᠧᠦ᠋ᠷᠣᠫᠠ ᠶᠢᠨ ᠡᠬᠡ ᠬᠠᠭᠤᠷᠠᠢ ᠳᠤ ᠪᠤᠢ ᠪᠣᠯᠤᠭᠰᠠᠨ ᠪᠠᠰᠠ ᠨᠢᠭᠡᠨ ᠴᠢᠬᠤᠯᠠ ᠤᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠵᠠᠮ ᠢ ︽ᠡᠷᠡᠨ ᠵᠠᠭᠤᠨ ᠤ ᠯᠤᠭᠰᠢᠭᠤᠨ ᠰᠤᠳᠠᠯ︾ ᠭᠡᠳᠡᠭ᠃ 17 ᠳ᠋ᠤᠭᠠᠷ ᠵᠠᠭᠤᠨ ᠤ ᠡᠴᠦᠰ ᠠᠴᠠ 20 ᠳ᠋ᠤᠭᠠᠷ ᠵᠠᠭᠤᠨ ᠤ ᠡᠬᠢ ᠪᠣᠯᠲᠠᠯ᠎ᠠ ᠳᠤᠮᠳᠠᠳᠤ ᠤᠯᠤᠰ ᠤᠨ ᠴᠠᠶ ᠨᠢ ᠹᠦᠵᠢᠶᠠᠨ ᠤ ᠦ ᠢ ᠱᠠᠨ ᠢᠶᠠᠷ ᠥᠩᠭᠡᠷᠡᠵᠦ᠂ ᠵᠢᠶᠠᠩᠰᠢ᠂ ᠠᠨᠾᠦ᠋ᠢ᠂ ᠬᠤᠨᠠᠨ᠂ ᠬᠤᠪᠧᠶ ᠂ ᠾᠧᠨᠠᠨ᠂ ᠱᠠᠨ ᠰᠢ᠂ ᠾᠧᠪᠧᠶ᠂ ᠥᠪᠥᠷ ᠮᠣᠩᠭᠤᠯ ᠵᠡᠷᠭᠡ ᠭᠠᠵᠠᠷ ᠢᠶᠠᠷ ᠥᠩᠭᠡᠷᠡᠵᠦ᠂ ᠮᠣᠩᠭᠤᠯ ᠤᠨ ᠥᠨᠳᠦᠷᠯᠢᠭ ᠢᠶᠠᠷ ᠠᠶᠠᠯᠠᠨ ᠣᠷᠣᠰ ᠤᠨ ᠰᠠᠨᠲ ᠫᠧᠲ᠋ᠧᠷᠪᠦᠦᠭ ᠲᠤ ᠬᠦᠷᠴᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号