| | ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 7 ᠰᠠᠷ᠎ᠠ ᠶᠢᠨ 17 ᠤ ᠡᠳᠦᠷ ᠪᠣᠯᠲᠠᠯ᠎ᠠ᠂ ᠡᠨᠡ ᠵᠢᠯ | ᠡᠷᠢᠶᠡᠨ ᠲᠡᠮᠦᠷ ᠵᠠᠮ ᠤᠨ ᠪᠣᠭᠤᠮᠲᠠ ᠪᠠᠷ ᠥᠩᠭᠡᠷᠡᠬᠦ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ | 1710 ᠬᠦᠷᠴᠦ᠂ ᠠᠳᠠᠯᠢ ᠬᠤᠭᠤᠴᠠᠭᠠᠨ ᠤ ᠬᠢ ᠠᠴᠠ 27.71 % ᠪᠠᠷ ᠨᠡᠮᠡᠭᠳᠡᠵᠦ᠂ ᠵᠢᠰᠢᠶᠠᠨ ᠤ ᠭᠠᠯᠲᠤ | ᠲᠡᠷᠭᠡ ᠶᠢᠨ ᠲᠡᠭᠡᠭᠡᠪᠦᠷᠢ ᠶᠢᠨ ᠴᠢᠩᠭᠡᠯᠢᠭ 19.58 ᠲᠦᠮᠡᠨ ᠪᠠᠷᠢᠮᠵᠢᠶᠠᠲᠤ ᠬᠠᠶᠢᠷᠴᠠᠭ ᠢᠶᠠᠷ ᠬᠦᠷᠴᠦ᠂ ᠠᠳᠠᠯᠢ | ᠬᠤᠭᠤᠴᠠᠭᠠᠨ ᠤ ᠬᠢ ᠠᠴᠠ 38.86% ᠨᠡᠮᠡᠭᠳᠡᠵᠦ᠂ ᠪᠠᠷᠠᠭᠠᠨ ᠤ ᠬᠦᠨᠳᠦ ᠨᠢ 202 ᠲᠦᠮᠡᠨ ᠲᠣᠨ ᠳᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 52.58% ᠪᠠᠷ ᠨᠡᠮᠡᠭᠳᠡᠵᠦ᠂ ᠪᠠᠷᠠᠭᠠᠨ ᠤ ᠥᠷᠲᠡᠭ ᠨᠢ 272.24 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.31 % ᠪᠠᠷ ᠨᠡᠮᠡᠭᠳᠡᠪᠡ᠃ | | | | ᠣᠳᠣᠬᠠᠨ ᠪᠣᠯᠲᠠᠯ᠎ᠠ᠂ ᠡᠷᠢᠶᠡᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ | ᠠᠶᠠᠯᠠᠯ ᠤᠨ ᠱᠤᠭᠤᠮ ᠨᠢᠭᠡᠨᠲᠡ 69 ᠵᠤᠷᠪᠤᠰ ᠪᠣᠯᠵᠤ᠂ ᠤᠯᠤᠰ ᠤᠨ ᠳᠣᠲᠣᠭᠠᠳᠤ ᠳᠤ ᠤᠮᠠᠷᠠᠲᠤ ᠣᠷᠣᠨ᠂ | ᠳᠤᠮᠳᠠᠳᠤ ᠣᠷᠣᠨ᠂ ᠡᠮᠦᠨᠡᠲᠦ ᠣᠷᠣᠨ ᠵᠡᠷᠭᠡ ᠭᠠᠵᠠᠷ ᠣᠷᠣᠨ ᠢ ᠨᠥᠯᠥᠭᠡᠯᠡᠵᠦ᠂ ᠵᠧᠩᠵᠧᠤ᠂ ᠴᠧᠩᠳᠦ᠋ ᠵᠡᠷᠭᠡ | ᠳᠤᠮᠳᠠ ᠪᠠᠷᠠᠭᠤᠨ ᠬᠡᠰᠡᠭ ᠤᠨ ᠬᠤᠲᠠ ᠪᠠᠶᠢᠭᠰᠠᠨ ᠠᠴᠠ ᠪᠠᠨ ᠰᠢᠶᠠᠮᠧᠨ᠂ ᠳ᠋ᠦᠩ ᠸᠠᠨ᠂ ᠱᠠᠩᠬᠠᠶ ᠵᠡᠷᠭᠡ 60 | ᠭᠠᠷᠤᠶ ᠬᠤᠲᠠ ᠳᠤ ᠬᠦᠷᠲᠡᠯ᠎ᠡ ᠬᠥᠭᠵᠢᠭᠰᠡᠨ ᠪᠠᠶᠢᠨ᠎ᠠ︔ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ ᠭᠧᠷᠮᠠᠨ ᠤ | ᠬᠠᠮᠪᠦᠷᠺ᠂ ᠬᠤᠯᠠᠨᠳ᠋ ᠤᠨ ᠪᠣᠭᠤ ᠲᠧ ᠳ᠋ᠠᠨ ᠪᠠᠶᠢᠭᠰᠠᠨ ᠠᠴᠠ ᠪᠠᠨ ᠫᠤᠯᠠᠨᠳ᠋ ᠤᠨ ᠸᠠᠷᠱᠠᠠ᠂ ᠣᠷᠣᠰ ᠤᠨ ᠮᠣᠰᠺᠸᠠ᠂ | ᠪᠧᠯᠤᠷᠦ᠋ᠰᠢᠶ᠎ᠠ ᠵᠡᠷᠭᠡ 10 ᠭᠠᠷᠤᠶ ᠤᠯᠤᠰ ᠤᠨ 60 ᠭᠠᠷᠤᠶ ᠭᠠᠵᠠᠷ ᠣᠷᠣᠨ ᠳᠤ ᠬᠦᠷᠲᠡᠯ᠎ᠡ ᠥᠷᠭᠡᠵᠢᠪᠡ᠃ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠲᠤ ᠬᠠᠪᠲᠠᠰᠤᠨ ᠮᠠᠲ᠋ᠧᠷᠢᠶᠠᠯ᠂ ᠴᠠᠭᠠᠰᠤᠨ | ᠡᠭᠡᠳᠡᠩ᠂ ᠾᠯᠣᠷᠲᠤ ᠺᠠᠯᠢ᠂ ᠲᠦᠭᠦᠬᠡᠶ ᠮᠣᠳᠣ᠂ ᠬᠤᠪᠴᠠᠰᠤ ᠬᠤᠨᠠᠷ ᠱᠠᠬᠠᠶ ᠮᠠᠯᠠᠭᠠᠶ᠂ ᠮᠠᠰᠢᠨ ᠴᠠᠬᠢᠯᠭᠠᠨ ᠤ | ᠪᠦᠲᠦᠭᠡᠭᠳᠡᠬᠦᠨ᠂ ᠨᠡᠷᠡᠨ ᠬᠤᠸᠠᠷ ᠤᠨ ᠦᠷ᠎ᠡ᠂ ᠮᠠᠰᠢᠨ ᠲᠡᠷᠭᠡᠨ ᠤ ᠪᠦᠬᠦᠯᠢ ᠲᠡᠷᠭᠡ ᠵᠢᠴᠢ ᠰᠡᠯᠪᠢᠭ ᠲᠣᠨᠤᠭ ᠵᠡᠷᠭᠡ | 1 000 ᠭᠠᠷᠤᠶ ᠵᠦᠢᠯ ᠢ ᠪᠠᠭᠲᠠᠭᠠᠨ᠎ᠠ᠃ | | | | ᠡᠷᠢᠶᠡᠨ ᠪᠣᠭᠤᠮᠲᠠ ᠶᠢᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠪᠦᠦ ᠰᠢ ᠷᠠᠨ | ᠬᠡᠯᠡᠬᠦ ᠳᠡᠭᠡᠨ᠄ ︽︿ᠤᠮᠠᠷᠠᠲᠤ ᠬᠢᠯᠢ ᠶᠢᠨ ᠬᠥᠳᠡᠯᠭᠡᠭᠡᠨ﹀ ᠤ ᠬᠠᠮᠤᠭ ᠤᠨ ᠴᠢᠩᠭ᠎ᠠ ᠨᠠᠮ ᠤᠨ ᠡᠭᠦᠷ ᠤᠨ ᠨᠠᠮ ᠤᠨ | ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠬᠥᠲᠥᠯᠥᠨ ᠳᠠᠭᠠᠭᠤᠯᠬᠤ ᠳᠠᠪᠠᠭᠤᠯᠢᠭ ᠢ ᠦᠷᠭᠦᠯᠵᠢᠯᠡᠨ | ᠪᠠᠳᠠᠷᠠᠭᠤᠯᠵᠤ᠂ ︿ᠵᠢᠵᠢᠭ ᠨᠠᠮ ᠤᠨ ᠡᠭᠦᠷ﹀ ᠢᠶᠠᠷ ︿ᠶᠡᠭᠡ ᠵᠠᠮ﹀ ᠢ ᠰᠢᠯᠤᠭᠤᠳᠬᠠᠵᠤ᠂ ᠰᠢᠨ᠎ᠡ ᠲᠤᠬᠠᠶᠢᠯᠠᠭᠰᠠᠨ | ᠠᠵᠢᠯ ᠢ ᠬᠠᠶᠢᠨ ᠰᠦᠪᠡᠭᠴᠢᠯᠡᠵᠦ᠂ ᠰᠢᠨ᠎ᠡ ᠠᠷᠭ᠎ᠠ ᠶᠢ ᠰᠤᠳᠤᠯᠵᠤ᠂ ᠵᠢᠰᠢᠶᠠᠨ ᠤ ᠭᠠᠯᠲᠤ ᠲᠡᠷᠭᠡ ᠶᠢᠨ ᠤᠷᠳᠤ | ᠬᠤᠭᠤᠴᠠᠭ᠎ᠠ ᠪᠠᠷ ᠲᠣᠭᠲᠠᠭᠤᠨ ᠢᠶᠠᠷ ᠠᠶᠠᠯᠠᠬᠤ ᠳᠤ ᠪᠠᠲᠤᠯᠠᠭ᠎ᠠ ᠬᠠᠩᠭᠠᠵᠤ᠂ ᠳᠤᠮᠳᠠᠳᠤ ᠧᠦ᠋ᠷᠣᠫᠠ ᠶᠢᠨ | ᠵᠢᠰᠢᠶᠠᠨ ᠤ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠨᠡᠮᠡᠭᠳᠡᠭᠦᠯᠬᠦ ᠶᠢ | ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃ |