| | 7 ᠰᠠᠷ᠎ᠠ ᠶᠢᠨ 19 ᠤ ᠡᠳᠦᠷ᠂ ᠮᠠᠨ ᠤ ᠬᠤᠲᠠ ᠬᠤᠷᠠᠯ ᠬᠤᠷᠠᠯᠳᠤᠭᠤᠯᠵᠤ᠂ ᠰᠢᠨ᠎ᠡ ᠡᠨᠧᠷᠭᠢ ᠶᠢᠨ ᠳᠤᠮᠳᠠ | ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠬᠤᠲᠠ ᠶᠢᠨ ᠳᠡᠳ᠋ ᠳᠠᠷᠤᠭ᠎ᠠ ᠵᠠᠩ ᠶᠦᠩ ᡁᠢ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠬᠠᠶᠢᠨ ᠬᠡᠮᠵᠢᠯᠲᠡ ᠵᠢᠷᠤᠭ ᠲᠥᠯᠥᠪᠯᠡᠭᠡ ᠶᠢᠨ | ᠬᠦᠷᠢᠶᠡᠯᠡᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠷᠢᠶᠡᠨ ᠬᠤᠲᠠ ᠶᠢᠨ 2023 - 2030 ᠣᠨ ᠤ | ᠰᠢᠨ᠎ᠡ ᠡᠨᠧᠷᠭᠢ ᠶᠢᠨ ᠳᠤᠮᠳᠠ ᠣᠷᠳᠣ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ | ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠨ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠨ | ᠶᠠᠷᠢᠯᠴᠠᠪᠠ᠃ | ᠬᠤᠷᠠᠯ ᠠᠴᠠ᠂ ᠡᠷᠢᠶᠡᠨ ᠪᠣᠭᠤᠮᠲᠠ ᠶᠢᠨ ᠡᠨᠧᠷᠭᠢ ᠶᠢᠨ ᠪᠦᠲᠦᠴᠡ ᠤᠯᠠᠨ ᠡᠰᠢᠵᠢᠵᠦ᠂ ᠰᠠᠯᠬᠢᠨ ᠡᠨᠧᠷᠭᠢ᠂ | ᠨᠡᠷᠡᠨ ᠤ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠳᠤ | ᠥᠪᠡᠷᠮᠢᠴᠡ ᠳᠠᠪᠠᠭᠤᠯᠢᠭ ᠲᠠᠢ ᠶᠤᠮ᠂ ᠪᠣᠭᠤᠮᠲᠠ ᠶᠢᠨ ᠣᠳᠣᠬᠢ ᠱᠠᠲᠤᠨ ᠤ ᠬᠥᠭᠵᠢᠯᠲᠡ ᠶᠢᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠠᠵᠤ ᠦᠢᠯᠡᠰ ᠤᠨ ᠲᠥᠯᠥᠪᠵᠢᠭᠦᠯᠭᠡ ᠶᠢ ᠬᠤᠳᠠ ᠶᠢᠨ ᠬᠥᠭᠵᠢᠯᠲᠡ ᠲᠠᠢ | ᠵᠣᠯᠭᠠᠭᠤᠯᠤᠨ ᠠᠭᠤᠰᠤᠯᠴᠠᠭᠤᠯᠬᠤ ᠶᠢ ᠴᠢᠬᠤᠯᠠᠴᠢᠯᠠᠵᠤ᠂ ᠬᠤᠶᠢᠰᠢᠳᠠ ᠶᠢᠨ ᠬᠥᠭᠵᠢᠯᠲᠡ ᠶᠢᠨ ᠰᠡᠳᠬᠢᠴᠡ | ᠬᠠᠷᠠᠯᠲᠠ ᠪᠠᠨ ᠴᠢᠨᠠᠭᠰᠢᠳᠠ ᠲᠣᠳᠣᠷᠬᠠᠶᠢᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠪᠦᠯᠬᠦᠮ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ | ᠂ ᠠᠵᠤ ᠦᠢᠯᠡᠰ ᠤᠨ ᠰᠠᠭᠤᠷᠢ ᠳᠠᠪᠠᠭᠤᠯᠢᠭ ᠢ ᠵᠠᠳᠠᠯᠤᠨ ᠡᠮᠬᠢᠯᠡᠵᠦ᠂ ᠠᠵᠤ ᠦᠢᠯᠡᠰ ᠤᠨ ᠪᠠᠶᠢᠷᠢᠰᠢᠯ ᠢ | ᠰᠢᠯᠢᠳᠡᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠶ ᠭᠡᠵᠦ ᠵᠢᠭᠠᠵᠦ | ᠭᠠᠷᠭᠠᠪᠠ᠃ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |