ᠡᠷᠢᠶᠡᠨ ᠬᠤᠲᠠ — ᠰᠢᠯᠢ ᠶᠢᠨ ᠬᠤᠲᠠ ᠶᠢᠨ ᡁᠢ ᡁᠢ ᠲᠦᠩ ᠠᠭᠠᠷ ᠠᠶᠠᠯᠠᠯ ᠤᠨ ᠱᠤᠭᠤᠮ ᠤᠨ ᠠᠶᠠᠨᠴᠢᠳ ᠤᠨ ᠤᠷᠤᠰᠬᠠᠯ ᠤᠨ ᠬᠡᠮᠵᠢᠶ᠎ᠡ ᠶᠢᠨ ᠬᠠᠷᠢᠴᠠᠯ ᠠᠳᠠᠯᠢ ᠬᠤᠭᠤᠴᠠᠭᠠᠨ ᠤ ᠬᠢ ᠠᠴᠠ 41.7% ᠨᠡᠮᠡᠭᠳᠡᠪᠡ
ᠨᠡᠶᠢᠲᠡᠯᠡᠭᠰᠡᠨ ᠴᠠᠭ᠄
2023/7/21
      ᠣᠶᠢᠷ᠎ᠠ ᠳᠤ᠂ ᠰᠠᠶᠢᠬᠤᠰᠦ ᠨᠢᠰᠬᠡᠯ ᠤᠨ ᠪᠠᠭᠤᠳᠠᠯ ︽ᠡᠷᠢᠶᠡᠨ ᠠᠴᠠ ᠰᠢᠯᠢ ᠶᠢᠨ ᠬᠤᠳᠠ︾ ᠪᠠ ︽ᠨᠢᠰᠬᠡᠯ ᠳᠤ ᠭᠠᠷᠬᠤ ᠫᠠᠶᠢᠰᠠ ᠶᠢᠨ ᠵᠤᠭᠠᠴᠠᠯ ᠤᠨ ᠦᠵᠡᠮᠵᠢ ᠶᠢᠨ ᠣᠷᠣᠨ︾ ᠤ ᠡᠵᠡᠩᠨᠡᠨ ᠪᠣᠷᠣᠯᠠᠭᠤᠯᠬᠤ ᠦᠢᠯᠡᠳᠬᠦᠨ ᠭᠠᠷᠭᠠᠵᠤ᠂ ᠡᠭᠡᠯᠵᠢ ᠶᠢᠨ ᠨᠢᠰᠬᠡᠯ ᠤᠨ ᠠᠶᠠᠨᠴᠢᠳ ᠤᠨ ᠤᠷᠤᠰᠬᠠᠯ ᠤᠨ ᠬᠡᠮᠵᠢᠶ᠎ᠡ ᠶᠢᠨ ᠨᠡᠮᠡᠭᠳᠡᠬᠦ ᠶᠢ ᠠᠬᠢᠭᠤᠯᠪᠠ᠃ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 7 ᠰᠠᠷ᠎ᠠ ᠶᠢᠨ 1 ᠤ ᠡᠳᠦᠷ ᠠᠴᠠ 17 ᠤ ᠡᠳᠦᠷ ᠪᠣᠯᠲᠠᠯ᠎ᠠ᠂ ᠡᠷᠢᠶᠡᠨ ᠬᠤᠲᠠ = ᠰᠢᠯᠢᠩᠬᠤᠲᠠ ᠶᠢᠨ ᠠᠭᠠᠷ ᠤᠨ ᠠᠶᠠᠯᠠᠯ ᠤᠨ ᠡᠭᠡᠯᠵᠢ ᠪᠦᠷᠢ ᠶᠢᠨ ᠠᠶᠠᠨᠴᠢᠳ ᠳᠤᠮᠳᠠᠴᠢ ᠪᠠᠷ 116 ᠬᠥᠮᠦᠨ ᠤᠳᠠᠭ᠎ᠠ ᠳᠤ ᠬᠦᠷᠴᠦ᠂ ᠠᠶᠠᠨᠴᠢᠳ ᠤᠨ ᠤᠷᠤᠰᠬᠠᠯ ᠤᠨ ᠬᠡᠮᠵᠢᠶ᠎ᠡ ᠶᠢᠨ ᠬᠠᠷᠢᠴᠠᠯ 36.5% ᠪᠠᠷ ᠨᠡᠮᠡᠭᠳᠡᠪᠡ᠂ ᠡᠭᠦᠨ ᠳᠤ ᠡᠷᠢᠶᠡᠨ ᠬᠤᠲᠠ ᠠᠴᠠ ᠰᠢᠯᠢ ᠶᠢᠨ ᠬᠤᠲᠠ ᠶᠢᠨ ᠡᠭᠡᠯᠵᠢ ᠶᠢᠨ ᠨᠢᠰᠬᠡᠯ ᠤᠨ ᠳᠤᠮᠳᠠᠴᠢ ᠠᠶᠠᠨᠴᠢᠳ 68 ᠬᠥᠮᠦᠨ ᠤᠳᠠᠭ᠎ᠠ ᠳᠤ ᠬᠦᠷᠴᠦ᠂ ᠠᠶᠠᠨᠴᠢᠳ ᠤᠨ ᠤᠷᠤᠰᠬᠠᠯ ᠤᠨ ᠬᠡᠮᠵᠢᠶ᠎ᠡ ᠶᠢᠨ ᠬᠠᠷᠢᠴᠠᠯ 41.7% ᠪᠠᠷ ᠨᠡᠮᠡᠭᠳᠡᠪᠡ᠃    
  ᠡᠨᠡ ᠵᠢᠯ ᠠᠴᠠ ᠨᠠᠰᠢ᠂ ᠰᠠᠶᠢᠬᠤᠰᠦ ᠨᠢᠰᠬᠡᠯ ᠤᠨ ᠪᠠᠭᠤᠳᠠᠯ ᠡᠵᠡᠩᠨᠡᠨ ᠪᠣᠷᠣᠯᠠᠭᠤᠯᠬᠤ ᠰᠡᠳᠬᠢᠴᠡ ᠪᠠᠨ ᠢᠳᠡᠪᠬᠢᠲᠡᠢ ᠬᠤᠪᠢᠷᠠᠭᠤᠯᠵᠤ᠂ ︽ᠬᠥᠬᠡᠬᠤᠲᠠ — ᠰᠢᠯᠢ ᠶᠢᠨ ᠭᠤᠣᠯ ᠬᠦᠷᠬᠦ ᠲᠦᠷᠭᠡᠨ ᠱᠤᠭᠤᠮ︾ ᠤᠨ ᠤᠯᠠᠨ ᠤᠳᠠᠭ᠎ᠠ᠂ ᠲᠤᠮᠤ ᠠᠶᠠᠨᠴᠢᠳ ᠤᠨ ᠤᠷᠤᠰᠬᠠᠯ ᠤᠨ ᠳᠠᠪᠠᠭᠤᠯᠢᠭ ᠢ ᠠᠰᠢᠭᠯᠠᠵᠤ᠂ ᠬᠤᠸᠠ ᠰᠢᠶᠠ ᠠᠭᠠᠷ ᠤᠨ ᠠᠶᠠᠯᠠᠯ᠂ OTA ᠲᠠᠪᠴᠠᠩ ᠲᠠᠢ ᠬᠠᠮᠲᠤᠷᠠᠨ ︽ᠬᠥᠬᠡᠬᠤᠲᠠ - ᠡᠷᠢᠶᠡᠨ ᠬᠤᠳᠠ - ᠰᠢᠯᠢᠩᠬᠤᠲᠠ︾ ᠶᠢᠨ ᠳᠠᠮᠵᠢᠭᠤᠯᠬᠤ ᠶᠠᠪᠤᠴᠠ ᠶᠢᠨ ᠦᠢᠯᠡᠳᠬᠦᠨ ᠢ ᠭᠠᠷᠭᠠᠵᠤ᠂ ᠡᠳᠦᠷ ᠪᠦᠷᠢ 30 ᠭᠠᠷᠤᠢ ︽ᠬᠠᠷᠠᠭᠠᠯᠵᠠᠯ ᠲᠠᠢ ᠨᠢᠰᠬᠡᠯ ᠤᠨ ᠪᠢᠯᠧᠲ ᠬᠠᠩᠭᠠᠵᠤ᠂ ᠢᠨᠲ᠋ᠧᠷ ᠰᠦᠯᠵᠢᠶ᠎ᠡ ᠳᠤ ᠣᠷᠣᠭᠤᠯᠤᠨ ᠪᠣᠷᠣᠯᠠᠭᠤᠯᠤᠨ᠎ᠠ᠃ ᠪᠢᠯᠧᠲ ᠤᠨ ᠦᠨ᠎ᠡ ᠶᠢᠨ ᠳᠠᠪᠠᠭᠤᠯᠢᠭ ᠲᠠᠭᠠᠨ ᠲᠦᠰᠢᠭᠯᠡᠨ᠂ ᠬᠥᠬᠡᠬᠤᠲᠠ ᠶᠢᠨ ᠬᠡᠰᠡᠭ ᠠᠭᠠᠷ ᠤᠨ ᠠᠶᠠᠯᠠᠯ ᠤᠨ ᠱᠤᠭᠤᠮ ᠢ ᠰᠢᠭᠤᠳ ᠣᠷᠣᠭᠤᠯᠵᠤ ᠠᠪᠴᠢᠷᠠᠭᠰᠠᠨ ᠠᠶᠠᠨᠴᠢᠳ ᠡᠷᠢᠶᠡᠨ ᠬᠤᠲᠠ ᠪᠠᠷ ᠳᠠᠮᠵᠢᠨ ᠭᠠᠳᠠᠭᠰᠢ ᠭᠠᠷᠴᠤ᠂ ᠬᠥᠬᠡᠬᠤᠲᠠ᠂ ᠰᠢᠯᠢᠩᠬᠤᠲᠠ ᠶᠢᠨ ᠬᠤᠶᠠᠷ ᠠᠭᠠᠷ ᠤᠨ ᠠᠶᠠᠯᠠᠯ ᠤᠨ ᠠᠶᠠᠨᠴᠢᠳ ᠤᠨ ᠰᠠᠭᠤᠳᠠᠯ ᠤᠨ ᠨᠣᠷᠮ᠎ᠠ ᠶᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠭᠰᠠᠨ ᠮᠥᠷᠲᠡᠭᠡᠨ ᠪᠠᠰᠠ ᡁᠢ ᡁᠢ ᠲᠦᠩ ᠡᠭᠡᠯᠵᠢ ᠶᠢᠨ ᠨᠢᠰᠬᠡᠯ ᠤᠨ ᠡᠵᠡᠩᠨᠡᠯᠲᠡ ᠶᠢᠨ ᠴᠢᠨᠠᠷ ᠴᠢᠨᠰᠠᠭ᠎ᠠ ᠶᠢ ᠨᠡᠮᠡᠭᠳᠡᠭᠦᠯᠪᠡ᠃    
   ᠡᠭᠦᠨ ᠤ ᠬᠠᠮᠲᠤ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠬᠠᠷᠠᠭᠠᠯᠵᠠᠯ ᠢ ᠬᠦᠷᠲᠡᠬᠦ ᠪᠣᠯᠤᠨ᠎ᠠ᠃    ᠣᠶᠢᠯᠠᠭᠠᠭᠰᠠᠨ ᠢᠶᠠᠷ᠂ ᠰᠠᠶᠢᠬᠤᠰᠦ ᠨᠢᠰᠬᠡᠯ ᠤᠨ ᠪᠠᠭᠤᠳᠠᠯ ᠡᠷᠢᠶᠡᠨ ᠬᠤᠲᠠ᠂ ᠲᠦᠩᠯᠢᠶᠣᠤ᠂ ᠮᠠᠨᠵᠤᠤᠷ᠂ ᠪᠤᠭᠤᠲᠤ ᠵᠡᠷᠭᠡ ᡁᠢ ᡁᠢ ᠲᠦᠩ ᠠᠭᠠᠷ ᠠᠶᠠᠯᠠᠯ ᠤᠨ ᠱᠤᠭᠤᠮ ᠤᠨ ᠦᠢᠯᠡᠳᠬᠦᠨ ᠢ ᠡᠵᠡᠩᠨᠡᠨ ᠪᠣᠷᠣᠯᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠭᠠᠷ ᠠᠶᠠᠯᠠᠯ ᠤᠨ ᠱᠤᠭᠤᠮ ᠤᠨ ᠡᠵᠡᠩᠨᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号