28 ᠬᠡᠰᠡᠭ ᠵᠠᠮ ᠵᠡᠭᠡᠯᠢ ᠨᠢ ᠨᠡᠪᠲᠡᠷᠡᠵᠦ ᠪᠠᠶᠢᠨ᠎ᠠ    ᠡᠷᠢᠶᠡᠨ ᠬᠤᠲᠠ ᠶᠢᠨ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠱᠤᠭᠤᠮ ᠢ ᠥᠭᠡᠷᠡᠴᠢᠯᠡᠬᠦ ᠢᠨᠵᠧᠨᠧᠷᠢᠩ ᠬᠠᠭᠠᠰ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/7/21
       ᠮᠠᠨ ᠤ ᠬᠤᠲᠠ ᠶᠢᠨ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢ ᠥᠭᠡᠷᠡᠴᠢᠯᠡᠬᠦ ᠢᠨᠵᠧᠨᠧᠷᠢᠩ ᠢ ᠡᠨᠡ ᠵᠢᠯ ᠤᠨ 3 ᠰᠠᠷ᠎ᠠ ᠶᠢᠨ ᠰᠡᠭᠦᠯᠴᠢ ᠪᠠᠷ ᠡᠬᠢᠯᠡᠭᠦᠯᠵᠦ᠂ ᠭᠤᠷᠪᠠᠨ ᠰᠠᠷ᠎ᠠ ᠭᠠᠷᠤᠶ ᠶᠢᠨ ᠪᠠᠴᠢᠮ ᠶᠠᠭᠠᠷᠠᠯᠲᠠᠶ ᠠᠵᠢᠯ ᠢ ᠬᠢᠵᠦ᠂ ᠣᠳᠣᠬᠠᠨ ᠳᠤ ᠨᠢᠭᠡᠨᠲᠡ 11 ᠺᠢᠯᠣᠮᠧᠲᠷ ᠤᠨ ᠭᠤᠤᠯ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ 28 ᠬᠡᠰᠡᠭ ᠵᠡᠭᠡᠯᠢ ᠭᠤᠳᠤᠮᠵᠢ ᠶᠢᠨ ᠵᠠᠮ ᠨᠡᠪᠲᠡᠷᠡᠯᠭᠡ ᠶᠢ ᠰᠡᠷᠭᠦᠭᠡᠪᠡ᠃    
   ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠱᠤᠭᠤᠮ ᠢ ᠥᠭᠡᠷᠡᠴᠢᠯᠡᠬᠦ ᠪᠠᠷᠢᠯᠭ᠎ᠠ ᠶᠢᠨ ᠠᠵᠢᠯ ᠤᠨ ᠬᠤᠭᠤᠴᠠᠭ᠎ᠠ ᠪᠠᠴᠢᠮ᠂ ᠡᠭᠦᠷᠭᠡ ᠬᠦᠨᠳᠦ ᠪᠠᠶᠢᠵᠤ᠂ ᠪᠠᠷᠢᠯᠭ᠎ᠠ ᠪᠠᠷᠢᠭᠤᠯᠬᠤ ᠨᠢᠭᠡᠴᠡ ᠠᠮᠤᠷ ᠲᠦᠪᠰᠢᠨ ᠪᠠ ᠶᠠᠰᠤ ᠴᠢᠨᠠᠷ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠂ ᠴᠠᠭ ᠤᠨ ᠬᠦᠰᠦᠨᠦᠭᠲᠦ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ  ᠳᠣᠭᠠᠴᠢᠵᠦ᠂ ᠪᠠᠷᠢᠯᠭ᠎ᠠ ᠶᠢᠨ ᠠᠬᠢᠴᠠ ᠶᠢ ᠪᠠᠲᠤᠯᠠᠨ᠎ᠠ᠃ ᠪᠠᠷᠢᠯᠭ᠎ᠠ ᠪᠠᠷᠢᠬᠤ ᠶᠠᠪᠤᠴᠠ ᠳᠤ ᠠᠭᠤᠷ ᠠᠮᠢᠰᠬᠤᠯ ᠠᠭᠠᠭᠢᠮ᠎ᠠ ᠬᠠᠯᠠᠭᠤᠨ᠂ ᠭᠠᠵᠠᠷ ᠳᠣᠣᠷᠠᠬᠢ ᠬᠤᠭᠤᠯᠠᠶ ᠱᠤᠭᠤᠮ ᠰᠣᠯᠪᠢᠴᠠᠭᠰᠠᠨ ᠪᠤᠳᠤᠯᠢᠶᠠᠨᠲᠠᠶ ᠵᠡᠷᠭᠡ ᠬᠦᠴᠢᠷᠳᠡᠯ ᠢ ᠢᠯᠠᠨ ᠳᠠᠪᠠᠵᠤ᠂ ᠠᠵᠢᠯᠲᠠᠨ᠂ ᠮᠠᠰᠢᠨ ᠲᠥᠬᠦᠭᠡᠷᠦᠮᠵᠢ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠡᠳᠦᠷ ᠪᠦᠷᠢ ᠳᠤᠮᠳᠠᠴᠢ ᠪᠠᠷ 130 ᠭᠠᠷᠤᠶ ᠠᠵᠢᠯᠴᠢᠨ ᠪᠠᠶᠢᠵᠤ᠂ 28 ᠮᠠᠰᠢᠨ ᠲᠥᠬᠦᠭᠡᠷᠦᠮᠵᠢ ᠶᠢ ᠴᠠᠭ ᠨᠡᠮᠡᠵᠦ ᠠᠵᠢᠯᠯᠠᠭᠤᠯᠵᠤ᠂ ᠤᠷᠢᠳᠴᠢᠯᠠᠨ ᠲᠣᠭᠲᠠᠭᠠᠭᠰᠠᠨ ᠴᠠᠭ ᠤᠨ ᠳᠣᠲᠣᠷ᠎ᠠ ᠪᠠᠷᠢᠯᠭ᠎ᠠ ᠳᠠᠭᠤᠰᠬᠠᠬᠤ ᠶᠢ ᠪᠠᠲᠤᠯᠠᠪᠠ᠃    7 ᠰᠠᠷ᠎ᠠ ᠶᠢᠨ 19 ᠤ ᠡᠳᠦᠷ ᠪᠣᠯᠲᠠᠯ᠎ᠠ᠂ ᠨᠢᠭᠡᠨᠲᠡ 11 ᠺᠢᠯᠣᠮᠧᠲᠷ ᠤᠨ ᠭᠤᠤᠯᠴᠢᠯᠠᠨ ᠬᠠᠮᠢᠶᠠᠷᠬᠤ ᠲᠣᠤᠷ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠭᠤᠤᠯ ᠪᠣᠯᠬᠤ ᠵᠠᠮ ᠤᠨ ᠭᠠᠳᠠᠷᠭᠤ ᠶᠢ ᠵᠠᠯᠭᠠᠭ᠎ᠠ ᠪᠠᠷ ᠰᠡᠷᠭᠦᠭᠡᠵᠦ᠂ ᠬᠡᠰᠡᠭ ᠭᠤᠤᠯ ᠵᠠᠮ ᠨᠢ ᠶᠠᠭ ᠵᠠᠮ ᠤᠨ ᠭᠠᠳᠠᠷᠭᠤ ᠶᠢ ᠬᠤᠷᠢᠶᠠᠨ ᠰᠡᠯᠪᠢᠨ ᠵᠠᠰᠠᠬᠤ ᠠᠵᠢᠯ ᠢ ᠬᠢᠵᠦ ᠪᠠᠶᠢᠨ᠎ᠠ᠃    ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠬᠤᠲᠠ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠱᠤᠭᠤᠮ ᠢ ᠥᠭᠡᠷᠡᠴᠢᠯᠡᠬᠦ ᠢᠨᠵᠧᠨᠧᠷᠢᠩ ᠤᠨ ᠵᠢᠱᠢᠯᠲᠡ ᠪᠠᠷ ᠭᠤᠤᠯ ᠬᠠᠮᠢᠶᠠᠷᠬᠤ ᠲᠣᠤᠷ ᠨᠢ 8 ᠰᠠᠷ᠎ᠠ ᠶᠢᠨ ᠰᠡᠭᠦᠯᠴᠢ᠂ ᠰᠠᠯᠪᠤᠷᠢ ᠬᠤᠭᠤᠯᠠᠶ ᠶᠢᠨ ᠲᠣᠤᠷ ᠢ 10 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠵᠤ᠂ ︽ᠠᠷᠠᠳ ᠳᠦᠮᠡᠨ ᠤ ᠵᠠᠮ ᠢ ᠪᠤᠴᠠᠭᠠᠬᠤ︾ ᠶᠢ ᠦᠨᠡᠨ ᠬᠦ ᠪᠡᠶᠡᠯᠡᠭᠦᠯᠬᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号