ᠬᠤᠲᠠ ᠶᠢᠨ ᠤᠳᠤᠷᠢᠳᠤᠯᠭ᠎ᠠ ᠭᠡᠷᠡᠯᠳᠦᠠᠣᠳᠦ ᠰᠣᠮᠣᠨ ᠳᠤ ᠭᠦᠨᠵᠡᠭᠡᠶᠢᠷᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/21
     7 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠭᠡᠷᠡᠯᠳᠦᠠᠣᠳᠦ ᠰᠤᠮᠤ ᠶᠢᠨ ᠡᠷᠳᠡᠨᠢᠭᠤᠪᠢ ᠭᠠᠴᠠᠭ᠎ᠠ ᠳᠤ ᠭᠦᠨᠵᠡᠭᠡᠶᠢᠷᠡᠵᠦ᠂ ᠭᠠᠩ ᠬᠠᠭᠰᠠᠷᠠᠭᠠᠨ ᠲᠠᠢ ᠲᠡᠮᠡᠴᠡᠬᠦ ᠮᠠᠯ ᠠᠵᠤ ᠠᠬᠤᠢ ᠶᠢ ᠬᠠᠮᠠᠭᠠᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠣᠳᠣᠬᠠᠨ ᠤ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃    ᠬᠤᠷᠠᠯ ᠠᠴᠠ ᠡᠨᠡ ᠵᠢᠯ ᠠᠴᠠ ᠨᠠᠰᠢᠬᠢ ᠮᠠᠨ ᠤ ᠬᠤᠲᠠ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ ᠢ ᠮᠡᠳᠡᠭᠳᠡᠭᠰᠡᠨ ᠪᠥᠭᠡᠳ ᠮᠠᠯᠵᠢᠬᠤ ᠡᠷᠦᠬᠡ ᠳᠤ ᠲᠦᠷ ᠴᠠᠭ ᠤᠨ ᠠᠮᠢᠳᠤᠷᠠᠯ ᠤᠨ ᠬᠦᠴᠢᠷᠳᠡᠯ ᠲᠠᠢ ᠠᠪᠤᠷᠠᠨ ᠲᠤᠰᠠᠯᠠᠬᠤ ᠮᠥᠩᠭᠦ ᠣᠯᠭᠤᠬᠤ ᠲᠣᠭᠲᠠᠭᠠᠯ ᠢ ᠨᠡᠶᠢᠲᠡᠯᠡᠪᠡ᠃ ᠰᠤᠮᠤ ᠶᠢᠨ ᠵᠠᠰᠠᠭ ᠤᠨ ᠣᠷᠳᠣᠨ ᠭᠠᠩ ᠤᠨ ᠪᠠᠶᠢᠳᠠᠯ ᠢ ᠠᠷᠭᠠᠴᠠᠭᠠᠬᠤ ᠪᠠᠶᠢᠳᠠᠯ ᠢᠶᠠᠨ ᠬᠠᠷᠢᠭᠤ ᠮᠡᠳᠡᠭᠦᠯᠪᠡ᠃    ᠬᠤᠷᠠᠯ ᠠᠴᠠ᠂ ᠣᠳᠣᠬᠠᠨ ᠤ ᠭᠠᠩ ᠤᠨ ᠪᠠᠶᠢᠳᠠᠯ ᠢ ᠭᠦᠢᠴᠡᠳ ᠲᠠᠨᠢᠵᠤ᠂ ᠭᠠᠩ ᠤᠨ ᠪᠠᠶᠢᠳᠠᠯ ᠤᠨ ᠬᠥᠭᠵᠢᠯᠲᠡ ᠶᠢ ᠦᠨᠳᠦᠰᠦᠯᠡᠨ ᠤᠷᠢᠳᠴᠢᠯᠠᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠭᠠᠴᠠᠵᠤ᠂ ᠡᠪᠡᠰᠦ ᠪᠣᠷᠳᠤᠭ᠎ᠠ ᠶᠢᠨ ᠬᠠᠩᠭᠠᠯᠭ᠎ᠠ ᠵᠡᠷᠭᠡ ᠪᠠᠴᠢᠮ ᠪᠠᠶᠢᠳᠠᠯ ᠢ ᠠᠷᠭᠠᠴᠠᠵᠤ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠷᠭ᠎ᠠ ᠪᠦᠬᠦᠨ ᠢ ᠰᠦᠪᠡᠭᠴᠢᠯᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠠᠬᠢ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃    ᠬᠤᠷᠠᠯ ᠠᠴᠠ᠂ ᠡᠪᠡᠰᠦ ᠪᠣᠷᠳᠤᠭ᠎ᠠ ᠨᠥᠭᠡᠴᠡᠯᠡᠬᠦ ᠶᠢ ᠲᠦᠷᠭᠡᠳᠬᠡᠵᠦ᠂ ᠡᠪᠡᠰᠦ ᠪᠣᠷᠳᠤᠭ᠎ᠠ ᠨᠥᠭᠡᠴᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠢᠢᠷ᠎ᠠ ᠬᠠᠪᠢ ᠳᠠᠭᠠᠨ ᠮᠠᠯᠴᠢᠳ ᠤᠨ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠶᠢᠨ ᠬᠠᠮᠲᠤ ᠨᠡᠩ ᠤᠯᠠᠨ ᠪᠡᠯᠡ ᠮᠥᠩᠭᠦ᠂ ᠲᠦᠷᠦ ᠶᠢᠨ ᠪᠤᠳᠤᠯᠭ᠎ᠠ ᠶᠢ ᠮᠠᠨ ᠤ ᠬᠤᠳᠠ ᠶᠢᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠳᠤ ᠬᠡᠷᠡᠭᠯᠡᠬᠦ ᠬᠡᠷᠡᠭᠲᠡᠢ᠃ ᠭᠠᠩ ᠤᠨ ᠪᠠᠶᠢᠳᠠᠯ ᠢ ᠨᠢᠭᠲᠠ ᠠᠩᠬᠠᠷᠴᠤ᠂      ᠬᠥᠮᠦᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠭᠠᠩ ᠭᠠᠮᠰᠢᠭ ᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂   ᠵᠣᠬᠢᠴᠠᠭᠤᠯᠭ᠎ᠠ ᠶᠢ ᠴᠢᠬᠤᠯᠠᠴᠢᠯᠠᠵᠤ᠂      ᠰᠠᠬᠢᠯᠭ᠎ᠠ ᠪᠠᠲᠤ ᠶᠢ ᠴᠢᠩᠳᠠᠯᠠᠵᠤ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃    ᠰᠤᠮᠤᠨ ᠤ ᠬᠤᠶᠠᠷ ᠵᠥᠪᠯᠡᠯ ᠤᠨ ᠪᠠᠭ ᠤᠨ ᠪᠦᠷᠢᠯᠳᠦᠬᠦᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号