ᠥᠨᠳᠥᠷ ᠬᠠᠯᠠᠭᠤᠨ ᠳᠤ᠂ ᠡᠮᠦᠨ᠎ᠡ ᠹᠷᠣᠨᠲ ᠢ ᠪᠠᠲᠤ ᠰᠠᠬᠢᠵᠤ ᠪᠠᠶᠢᠭ᠎ᠠ ᠬᠥᠳᠡᠯᠮᠦᠷᠢᠴᠢᠨ ᠳᠤ ᠬᠦᠨᠳᠦᠳᠭᠡᠯ ᠳᠡᠪᠰᠢᠬᠦᠯᠦᠶ᠎ᠡ
ᠨᠡᠶᠢᠲᠡᠯᠡᠭᠰᠡᠨ ᠴᠠᠭ᠄
2023/7/25
   ᠹᠦ᠋ ᠤᠷᠤᠭᠰᠠᠨ ᠠᠴᠠ ᠨᠠᠰᠢ᠂ ᠬᠠᠯᠠᠭᠤᠨ ᠳᠠᠪᠠᠯᠭᠠᠨ ᠳᠤᠮᠳᠠ ᠡᠯ᠎ᠡ ᠠᠵᠢᠯ ᠲᠥᠷᠥᠯ ᠤᠨ ᠬᠥᠳᠡᠯᠮᠦᠷᠢᠴᠢᠳ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠭᠡ ᠬᠦᠴᠦ ᠬᠥᠯᠥᠰᠥ ᠪᠠᠨ ᠤᠷᠤᠰᠬᠠᠵᠤ᠂ ᠡᠨᠡ ᠬᠦ ᠦᠪᠡᠳᠡᠭᠰᠢ ᠵᠤᠨ ᠳᠤ ᠰᠡᠳᠬᠢᠯ ᠬᠥᠳᠡᠯᠭᠡᠮ᠎ᠡ ᠵᠢᠷᠤᠭ ᠳᠦᠷᠰᠦ ᠪᠣᠯᠤᠭᠰᠠᠨ ᠪᠠᠶᠢᠨ᠎ᠠ᠃
   ᠠᠭᠠᠭᠢᠮ᠎ᠠ ᠬᠠᠯᠠᠭᠤᠨ ᠨᠡᠷᠡᠨ ᠤ ᠳᠣᠣᠷ᠎ᠠ᠂ ᠡᠯ᠎ᠡ ᠠᠵᠢᠯ ᠲᠦᠷᠦᠯ ᠤᠨ ᠬᠥᠳᠡᠯᠮᠦᠷᠢᠴᠢᠳ ᠬᠠᠯᠠᠭᠤᠨ ᠳᠠᠪᠠᠯᠭᠠᠨ ᠢ ᠰᠦᠷᠦᠨ ᠤᠷᠤᠭᠰᠢᠯᠠᠵᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ᠂ ᠬᠦᠴᠦ ᠬᠥᠯᠥᠰᠥ ᠪᠠ ᠬᠤᠪᠢ ᠨᠡᠮᠡᠷᠢ ᠪᠠᠷ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠬᠠᠷᠠᠭᠤᠯᠪᠠ᠃ ᠲᠡᠳᠡᠨ ᠢ ᠬᠥᠮᠦᠨ ᠪᠣᠯᠭᠠᠨ ᠬᠦᠨᠳᠦᠳᠭᠡᠬᠦ ᠴᠢᠬᠤᠯᠠ ᠲᠠᠢ᠂ ᠭᠡᠪᠡᠴᠦ ᠬᠦᠨᠳᠦᠳᠭᠡᠯ ᠢᠶᠠᠷ ᠬᠤᠯᠠ ᠬᠦᠷᠦᠯᠴᠡᠬᠦ ᠦᠭᠡᠢ᠂ ᠪᠠᠰᠠ ᠪᠢᠳᠡᠨ ᠤ ᠡᠨᠡᠬᠦ ᠬᠦᠨᠳᠦᠳᠭᠡᠯ ᠢ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠶᠢ ᠱᠠᠭᠠᠷᠳᠠᠵᠤ ᠪᠠᠶᠢᠨ᠎ᠠ᠃ ᠵᠢᠱᠢᠶᠡᠯᠡᠪᠡᠯ᠂ ᠭᠠᠳᠠᠭᠰᠢ ᠭᠠᠷᠬᠤ ᠳᠠᠭᠠᠨ ᠵᠠᠮ ᠬᠠᠷᠢᠯᠴᠠᠭᠠᠨ ᠤ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠤᠷᠢᠬᠤ ᠦᠶ᠎ᠡ ᠳᠤ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠭᠡᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠨᠢᠭᠡ ᠴᠣᠮᠣ ᠤᠰᠤ ᠪᠠᠷᠢᠨ᠎ᠠ ᠁ ᠪᠢᠳᠡ ᠢᠯᠡᠭᠦᠬᠡᠨ ᠣᠶᠢᠯᠠᠭᠠᠵᠤ᠂ ᠬᠦᠨᠳᠦᠳᠬᠡᠨ ᠬᠠᠯᠠᠮᠵᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠳᠡᠨ ᠳᠤ ᠬᠦᠨᠳᠦᠳᠬᠡᠯ ᠳᠡᠪᠰᠢᠭᠦᠯᠦᠶ᠎ᠡ︕
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号