| 7 ᠰᠠᠷ᠎ᠠ ᠶᠢᠨ 22 ᠤᠨ ᠡᠳᠦᠷ᠂ ᠮᠠᠨ ᠤ ᠬᠤᠲᠠ ᠱᠠᠨᠳᠦ᠋ᠩ ᠤᠨ ᠯᠢᠨ ᠢ ᠭᠠᠵᠠᠷ ᠣᠷᠣᠨ ᠠᠴᠠ ᠢᠷᠡᠭᠰᠡᠨ 500 | ᠭᠠᠷᠤᠢ ᠵᠢᠭᠤᠯᠴᠢᠯᠠᠯ ᠤᠨ ᠪᠦᠯᠬᠦᠮ ᠢ ᠤᠭᠲᠤᠨ ᠠᠪᠴᠢᠷᠠᠪᠠ᠃ | ᠬᠤᠯᠠ ᠠᠴᠠ ᠢᠷᠡᠭᠰᠡᠨ ᠵᠣᠴᠢᠳ ᠢ ᠬᠠᠯᠠᠭᠤᠨ ᠢᠶᠠᠷ ᠤᠭᠲᠤᠬᠤ ᠶᠢᠨ ᠳᠣᠯᠠᠳᠠ᠂ ᠮᠠᠨ ᠤ ᠬᠤᠲᠠ ᠶᠢᠨ ᠰᠣᠶᠣᠯ | ᠵᠢᠭᠤᠯᠴᠢᠳ ᠤᠨ ᠬᠢᠨᠢ ᠬᠠᠳᠠᠭ ᠪᠠ ᠴᠡᠭᠡ ᠠᠷᠢᠬᠢ ᠡᠷᠬᠦᠵᠦ᠂ ᠲᠠᠯ᠎ᠠ ᠨᠤᠲᠤᠭ ᠠᠴᠠ ᠢᠷᠡᠭᠰᠡᠨ ᠵᠥᠩᠨᠡᠯ ᠳᠡᠪᠰᠢᠭᠦᠯᠵᠡᠢ᠃ | ᠵᠢᠭᠤᠯᠴᠢᠯᠠᠯ ᠤᠨ ᠪᠦᠯᠬᠦᠮ ᠶᠠᠭᠤᠨ ᠤ ᠡᠮᠦᠨ᠎ᠡ ᠤᠯᠤᠰ ᠤᠨ ᠡᠭᠦᠳᠡ᠂ ᠬᠢᠯᠢ ᠶᠢᠨ ᠬᠥᠰᠢᠶ᠎ᠡ ᠶᠢ ᠲᠣᠭᠤᠷᠢᠨ ᠦᠵᠡᠵᠦ᠂ | ᠬᠢᠯᠢ ᠬᠢᠵᠠᠭᠠᠷ ᠣᠷᠣᠨ ᠤ ᠨᠠᠮ ᠰᠡᠯᠡᠭᠦᠨ ᠪᠣᠯᠤᠨ ᠲᠥᠪ ᠶᠡᠬᠡᠮᠰᠦᠭ ᠪᠠᠶᠢᠳᠠᠯ ᠢ ᠣᠶᠢᠯᠠᠭᠠᠵᠠᠢ᠃ | | | ᠳᠠᠷᠠᠭ᠎ᠠ ᠨᠢ ᠵᠤᠭᠠᠴᠠᠭᠰᠠᠳ ᠠᠪᠤᠷᠭᠤ ᠭᠦᠷᠪᠡᠯ ᠤᠨ ᠮᠦᠽᠧᠶ ᠳᠤ ᠬᠦᠷᠴᠦ ᠲᠣᠭᠤᠷᠢᠨ ᠦᠵᠡᠪᠡ᠃ ᠮᠦᠽᠧᠢ ᠨᠢ | ᠣᠯᠠᠨ ᠶᠠᠩᠵᠤ ᠶᠢᠨ ᠠᠪᠤᠷᠭᠤ ᠬᠦᠷᠪᠡᠯ ᠤᠨ ᠴᠢᠯᠠᠭᠤᠵᠢᠮᠠᠯ ᠪᠣᠯᠤᠨ ᠠᠮᠢᠳᠤ ᠪᠣᠳᠠᠰ ᠤᠨ ᠵᠠᠭᠪᠤᠷ ᠢᠶᠠᠷ ᠠᠯᠳᠠᠷᠰᠢᠵᠠᠢ᠃ | ᠣᠯᠠᠨ ᠢᠶᠠᠷ ᠢᠶᠠᠨ ᠡᠯ᠎ᠡ ᠵᠦᠢᠯ ᠤᠨ ᠠᠪᠤᠷᠭᠤ ᠭᠦᠷᠪᠡᠯ ᠤᠨ ᠴᠢᠯᠠᠭᠤᠵᠢᠮᠠᠯ ᠢ ᠰᠣᠨᠢᠷᠬᠠᠵᠤ᠂ ᠠᠪᠤᠷᠭᠤ ᠭᠦᠷᠪᠡᠯ ᠤᠨ ᠴᠠᠭ | ᠦᠶ᠎ᠡ ᠶᠢᠨ ᠨᠢᠭᠤᠴᠠᠭᠠᠢ ᠪᠠ ᠰᠦᠷᠯᠢᠭ ᠰᠠᠶᠢᠬᠠᠨ ᠢ ᠮᠡᠳᠡᠷᠡᠪᠡ᠃ | | | | | | ᠥᠪᠥᠷ ᠮᠣᠩᠭᠤᠯ ᠤᠨ ᠬᠥᠪᠡᠭᠡᠲᠦ ᠰᠢᠷ᠎ᠠ ᠬᠤᠰᠢᠭᠤᠨ ᠤ ᠬᠤᠩᠭᠤᠷ ᠵᠤᠭᠠᠴᠠᠯ ᠤᠨ ᠬᠤᠷᠢᠶ᠎ᠡ ᠶᠢᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠱᠢ ᠧᠨ ᠡᠦ᠄ ︽ᠡᠨᠡ ᠤᠳᠠᠭ᠎ᠠ ᠶᠢᠨ ᠱᠠᠨᠳᠦ᠋ᠩ ᠤᠨ ᠯᠢᠨ ᠢ ᠵᠤᠭᠠᠴᠠᠯ ᠤᠨ ᠲᠤᠮᠤ | ᠮᠠᠰᠢᠨ ᠲᠡᠷᠭᠡᠨ ᠤ ᠪᠦᠯᠬᠦᠮ ᠲᠣᠭᠤᠷᠢᠨ ᠦᠵᠡᠬᠦ ᠠᠵᠢᠯᠯᠠᠭ᠎ᠠ ᠪᠣᠯ ᠨᠢᠭᠡ ᠤᠳᠠᠭ᠎ᠠ ᠶᠢᠨ ᠮᠠᠰᠢ ᠠᠮᠵᠢᠯᠲᠠ ᠲᠠᠢ ᠰᠣᠶᠣᠯ ᠤᠨ | ᠰᠣᠯᠢᠯᠴᠠᠭ᠎ᠠ ᠪᠠ ᠵᠤᠭᠠᠴᠠᠯ ᠤᠨ ᠥᠩᠭᠡᠷᠡᠯᠲᠡ ᠪᠣᠯᠤᠨ᠎ᠠ᠃ ᠱᠠᠨᠳᠦ᠋ᠩ ᠪᠣᠯᠤᠨ ᠥᠪᠥᠷ ᠮᠣᠩᠭᠤᠯ ᠤᠨ ᠬᠤᠭᠤᠷᠣᠨᠳᠣᠬᠢ | ᠵᠤᠭᠠᠴᠠᠯ ᠤᠨ ᠰᠣᠯᠢᠯᠴᠠᠭ᠎ᠠ ᠶᠢ ᠦᠷᠭᠦᠯᠵᠢᠯᠡᠨ ᠴᠢᠩᠭᠠᠳᠬᠠᠵᠤ᠂ ᠨᠡᠩ ᠤᠯᠠᠨ ᠵᠤᠭᠠᠴᠠᠭᠰᠠᠳ ᠲᠤ ᠠᠳᠠᠯᠢᠪᠲᠤᠷ ᠭᠤᠶᠢᠳᠠ | ᠰᠠᠶᠢᠬᠠᠨ ᠠᠶᠠᠨ ᠵᠠᠮ ᠢ ᠬᠠᠩᠭᠠᠬᠤ ᠶᠢ ᠪᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︾ ᠭᠡᠵᠦ ᠬᠡᠯᠡᠪᠡ᠃ | | | ᠲᠣᠰ ᠤᠳᠠᠭᠠᠨ ᠤ ᠵᠢᠭᠤᠯᠴᠢᠯᠠᠯ ᠤᠨ ᠠᠵᠢᠯᠯᠠᠭ᠎ᠠ ᠨᠢ ︽ᠲᠦᠮᠡᠨ ᠭᠠᠵᠠᠷ ᠤᠨ ᠴᠠᠢ ᠶᠢᠨ ᠵᠠᠮ ᠤᠨ ᠴᠢᠭᠤᠯᠣᠯᠳᠦ | ᠬᠠᠭᠠᠯᠭ᠎ᠠ — ᠶᠡᠭᠡ ᠬᠦᠷᠢᠶ᠎ᠡ︾ ᠬᠦᠷᠬᠦ ᠲᠡᠦᠬᠡ ᠰᠣᠶᠣᠯ ᠢ ᠭᠦᠢᠴᠡᠳ ᠠᠭᠤᠰᠤᠯᠴᠠᠭᠤᠯᠵᠤ᠂ ᠮᠢᠩᠭᠠᠨ ᠭᠠᠵᠠᠷ ᠤᠨ ᠲᠠᠯ᠎ᠠ | ᠨᠤᠲᠤᠭ ᠤᠨ ᠦᠵᠡᠮᠵᠢ ᠶᠢᠨ ᠳᠠᠷᠳᠠᠩ ᠵᠠᠮ ᠲᠠᠢ ᠪᠦᠲᠦᠮᠵᠢᠲᠡᠶ ᠤᠶᠠᠯᠳᠤᠭᠤᠯᠵᠤ᠂ ᠰᠢᠯᠢ ᠶᠢᠨ ᠭᠤᠤᠯ ᠤᠨ ᠰᠣᠶᠣᠯ | ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠦᠷᠢᠯᠳᠦᠭᠦᠯᠵᠦ᠂ ᠮᠠᠨ ᠤ ᠬᠤᠲᠠ ᠴᠢᠨᠠᠭᠰᠢᠯᠠᠪᠠᠯ ᠪᠥᠬᠦ ᠠᠶᠢᠮᠠᠭ ᠤᠨ ᠰᠣᠶᠣᠯ | ᠵᠢᠭᠤᠯᠴᠢᠯᠠᠯ ᠤᠨ ᠬᠥᠭᠵᠢᠯᠲᠡ ᠪᠠ ᠣᠷᠣᠨ ᠪᠦᠰᠡ ᠶᠢᠨ ᠬᠠᠮᠲᠤᠷᠠᠯᠴᠠᠭ᠎ᠠ ᠰᠣᠯᠢᠯᠴᠠᠭ᠎ᠠ᠂ ᠬᠠᠷᠢᠯᠴᠠᠨ ᠠᠰᠢᠭᠲᠠᠢ ᠬᠠᠮᠲᠤᠪᠠᠷ | ᠠᠰᠢᠭ ᠬᠦᠷᠲᠡᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠲᠠᠢ ᠶᠤᠮ᠃ | |