【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ 200 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2023/7/25
    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 209.8 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 112.89% ᠨᠡᠮᠡᠭᠳᠡᠪᠡ︔ ᠪᠠᠷᠠᠭᠠᠨ ᠤ ᠥᠷᠲᠡᠭ 15.93 ᠳ᠋ᠦᠩᠰᠢᠭᠤᠷ ᠲᠥᠭᠦᠷᠢᠭ ᠲᠤ ᠬᠦᠷᠴᠦ᠂ 45.25% ᠪᠠᠷ ᠨᠡᠮᠡᠭᠳᠡᠪᠡ᠃
   ᠤᠯᠤᠰ ᠤᠨ ᠳᠣᠲᠣᠭᠠᠳᠤ ᠶᠢᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠳᠣᠯᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠴᠠ 2023 ᠣᠨ ᠤ 4 ᠰᠠᠷ᠎ᠠ ᠶᠢᠨ 1 ᠤ ᠡᠳᠦᠷ ᠠᠴᠠ 12 ᠰᠠᠷ᠎ᠠ ᠶᠢᠨ 31 ᠤ ᠡᠳᠦᠷ ᠪᠣᠯᠲᠠᠯ᠎ᠠ᠂ ᠦᠷᠭᠦᠯᠵᠢᠯᠡᠨ ᠨᠡᠬᠦᠷᠡᠰᠣᠨ ᠳᠤ ᠳᠢᠭ ᠭᠠᠶᠢᠯᠢ ᠶᠢᠨ ᠨᠣᠷᠮ᠎ᠠ  ᠪᠠᠷ ᠭᠠᠳᠠᠭᠠᠳᠤ ᠠᠴᠠ ᠣᠷᠣᠭᠤᠯᠬᠤ   ᠶᠢ ᠦᠷᠬᠦᠯᠵᠢᠯᠡᠨ ᠬᠡᠷᠡᠭᠵᠢᠬᠦᠯᠦᠨ᠎ᠡ ᠬᠡᠪᠡ᠃
   ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢᠲᠡᠭᠡᠮᠵᠢ ᠠᠪᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠭᠠᠳᠠᠭᠠᠳᠤ ᠠᠴᠠ ᠣᠷᠣᠭᠤᠯᠤᠭᠰᠠᠨ ᠤ ᠳᠠᠷᠠᠭᠠᠬᠢ ᠦᠯᠢᠭᠡᠷ ᠠᠪᠬᠤ ᠰᠢᠨᠵᠢᠯᠡᠨ ᠰᠢᠯᠭᠠᠬᠤ ᠬᠠᠷᠢᠴᠠᠯ ᠢ ᠪᠠᠭᠤᠷᠠᠭᠤᠯᠵᠤ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠣᠭᠤᠮᠲᠠ ᠪᠠᠷ ᠥᠩᠭᠡᠷᠡᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠠᠰᠬᠠᠵᠤ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠢᠳᠡᠪᠬᠢᠵᠢᠯ ᠢ ᠶᠡᠭᠡ ᠪᠠᠷ ᠳᠡᠭᠡᠭᠰᠢᠯᠡᠭᠦᠯᠪᠡ᠃    ᠥᠪᠥᠷ ᠮᠣᠩᠭᠤᠯ ᠤᠨ ᠮᠧᠩ ᠲᠦᠩ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠣᠷᠣᠯᠠᠬᠤ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠰᠥᠩ ᠪᠥᠸᠧ᠄ ︽ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠠᠴᠠ ᠡᠮᠦᠨ᠎ᠡ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠴᠠ 3% - 6% ᠶᠢᠨ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠳᠠᠳᠠᠪᠣᠷᠢᠯᠠᠳᠠᠭ᠃ ᠮᠠᠨ ᠤ ᠺᠣᠮᠫᠠᠨᠢ ᠪᠠᠷ ᠵᠢᠱᠢᠶᠡᠯᠡᠪᠡᠯ᠂ ᠵᠢᠯ ᠪᠦᠷᠢ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠪᠠᠷᠤᠭ 100 ᠲᠦᠮᠡᠨ ᠲᠣᠨ ᠣᠷᠴᠢᠮ ᠪᠠᠶᠢᠵᠦ᠂ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢᠨ ᠬᠡᠷᠡᠭᠵᠢᠭᠦᠯᠦᠯᠲᠡ ᠶᠢ ᠳᠠᠭᠠᠯᠳᠤᠨ᠂ ᠵᠢᠱᠢᠯᠲᠡ ᠪᠠᠷ ᠵᠢᠯ ᠤᠨ ᠳᠣᠲᠣᠷ᠎ᠠ ᠪᠠᠷᠤᠭ 2200 ᠲᠦᠮᠡᠨ ᠲᠥᠭᠦᠷᠢᠭ ᠠᠴᠠ ᠳᠡᠭᠡᠭᠰᠢ ᠭᠠᠶᠢᠯᠢ ᠠᠷᠪᠢᠯᠠᠨ᠎ᠠ︾ ᠭᠡᠪᠡ᠃    ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ᠂ ᠨᠡᠭᠦᠷᠡᠰᠦ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号