| | 7 ᠳ᠋ᠤᠭᠠᠷ ᠰᠠᠷ᠎ᠠ ᠶᠢᠨ 22 ᠠᠴᠠ 23 ᠤ ᠡᠳᠦᠷ᠂ ᠡᠷᠢᠶᠡᠨ ᠬᠤᠲᠠ ᠶᠢᠨ ᠮᠣᠩᠭᠤᠯ ᠮᠣᠷᠢᠨ ᠤ ᠳᠤᠮᠳᠠᠳᠤ ᠮᠣᠩᠭᠤᠯ᠂ | ᠣᠷᠣᠰ ᠤᠨ ᠮᠣᠷᠢᠨ ᠤᠷᠤᠯᠳᠤᠭᠠᠨ ᠤ ᠬᠤᠯᠪᠣᠭᠠᠲᠤ ᠤᠷᠤᠯᠳᠤᠭᠠᠨ ︵ᠬᠤᠶᠠᠳᠤᠭᠠᠷ ᠱᠠᠲᠤ ᠦᠶ᠎ᠡ︶ ᠬᠤᠲᠠ ᠶᠢᠨ | ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠡᠬᠢᠯᠡᠪᠡ᠃ | | | | ᠭᠦᠶᠦᠯᠲᠡ ᠶᠢᠨ ᠵᠠᠮ ᠳᠡᠭᠡᠷ᠎ᠡ᠂ ᠮᠣᠷᠢᠴᠢᠳ ᠴᠤᠭ ᠵᠠᠯᠢ ᠪᠠᠳᠠᠷᠠᠩᠭᠤᠢ᠂ ᠤᠷᠤᠯᠳᠤᠭᠠᠨ ᠳᠤ ᠣᠷᠣᠯᠴᠠᠵᠠᠭᠠᠪᠠ᠃ | ᠬᠢᠨᠠᠭᠴᠢ ᠶᠢᠨ ᠵᠠᠷᠯᠢᠭ ᠪᠠᠭᠤᠬᠤ ᠶᠢ ᠳᠠᠭᠠᠯᠳᠤᠨ᠂ ᠨᠢᠭᠡ ᠠᠵᠢᠨᠠᠶ ᠬᠦᠯᠦᠭ ᠬᠥᠪᠴᠢ ᠠᠴᠠ ᠰᠠᠯᠤᠭᠰᠠᠨ ᠰᠤᠷ ᠬᠠᠷᠪᠤᠬᠤ | ᠡᠴᠦᠰ ᠤᠨ ᠴᠡᠭ ᠵᠦᠭ ᠳᠠᠭᠠᠷᠢᠪᠠ᠂ ᠲᠠᠮᠢᠷᠴᠢᠳ ᠮᠣᠷᠢᠨ ᠳᠤ ᠲᠠᠰᠢᠭᠤᠷ ᠨᠡᠮᠡᠵᠦ᠂ ᠡᠷᠡᠯᠬᠡᠭᠯᠡᠨ ᠲᠡᠮᠡᠴᠡᠵᠦ᠂ ᠬᠤᠷᠴᠠ | ᠰᠢᠷᠦᠭᠦᠨ ᠤᠷᠤᠯᠳᠤᠭᠠᠨ ᠲᠤᠬᠠᠶ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠬᠦᠷᠢᠶᠡᠯᠡᠯ ᠢ ᠣᠯᠪᠠ᠃ | | | | | | | ᠤᠷᠤᠯᠳᠤᠭᠠᠨ ᠤ ᠡᠴᠦᠰ ᠲᠤ᠂ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠲᠦᠩᠯᠢᠶᠣᠤ ᠠᠴᠠ | ᠢᠷᠡᠭᠰᠡᠨ ᠪᠦᠦ ᠡᠷᠳᠡᠨᠢᠪᠠᠶᠠᠷ᠂ ᠾᠧᠪᠸᠢ ᠶᠢᠨ ᠳᠠᠪᠬᠤᠷᠪᠠᠶᠠᠷ᠂ ᠲᠦᠩᠯᠢᠶᠣᠤ ᠶᠢᠨ ᠡᠷᠳᠡᠨᠢᠪᠠᠶᠠᠷ ᠨᠠᠷ 1000 ᠮᠧᠳ᠋ᠷ ᠤᠨ | ᠤᠷᠤᠯᠳᠤᠭᠠᠨ ᠤ ᠡᠮᠦᠨ᠎ᠡ ᠭᠤᠷᠪᠠᠨ ᠨᠡᠷᠡᠰ ᠲᠤ ᠲᠣᠳᠣᠷᠠᠪᠠ︔ ᠰᠥᠨᠢᠳ ᠵᠡᠭᠦᠨ ᠬᠤᠰᠢᠭᠤᠨ ᠤ ᠭᠠᠩᠵᠣᠷᠢᠭ᠂ ᠡᠷᠢᠶᠡᠨ | ᠬᠤᠳᠠ ᠶᠢᠨ ᠴᠣᠯᠮᠣᠨ᠂ ᠲᠦᠩᠯᠢᠶᠣᠤ ᠶᠢᠨ ᠠᠳᠢᠶ᠎ᠠ ᠨᠠᠷ 3600 ᠮᠧᠳ᠋ᠷ ᠤᠨ ᠤᠷᠤᠯᠳᠤᠭᠠᠨ ᠤ ᠡᠮᠦᠨ᠎ᠡ ᠭᠤᠷᠪᠠᠨ | ᠨᠡᠷᠡᠰ ᠲᠤ ᠲᠣᠳᠣᠷᠠᠪᠠ︔ ᠮᠣᠩᠭᠤᠯ ᠤᠯᠤᠰ ᠠᠴᠠ ᠢᠷᠡᠭᠰᠡᠨ ᠰᠣᠳᠦ᠂ ᠪᠣᠯᠣᠳ᠂ ᠰᠦᠭᠡ ᠨᠠᠷ 10000 ᠮᠧᠲᠷ ᠤᠨ | ᠣᠷᠣᠯᠳᠣᠭᠠᠨ ᠳᠤ ᠡᠮᠦᠨ᠎ᠡ ᠭᠤᠷᠪᠠ ᠳᠤ ᠲᠣᠳᠣᠷᠠᠪᠠ᠂᠂᠂᠂ ︵ᠠᠳᠤᠭᠤᠨ ᠡᠵᠡᠨ ᠤ ᠨᠡᠷ᠎ᠡ ᠮᠡᠳᠡᠭᠦᠯᠬᠦ ᠪᠠᠷ ᠭᠤᠣᠯ | ᠪᠣᠯᠭᠠᠪᠠ︶ | | | | ᠣᠶᠢᠯᠠᠭᠠᠭᠰᠠᠨ ᠢᠶᠠᠷ᠂ ᠪᠦᠬᠦ ᠤᠷᠤᠯᠳᠤᠭᠠᠨ ᠭᠤᠷᠪᠠᠨ ᠰᠠᠷ᠎ᠠ ᠶᠠᠪᠤᠭᠳᠠᠬᠤ ᠪᠣᠯᠣᠨ᠎ᠠ᠃ ᠲᠤᠰ ᠱᠠᠲᠤᠨ ᠳᠤ | ᠭᠠᠳᠠᠭᠠᠳᠤ ᠶᠢᠨ ᠲᠠᠮᠢᠷᠴᠢᠨ ᠠᠴᠠ ᠭᠠᠳᠠᠨ᠎ᠠ ᠤᠯᠤᠰ ᠤᠨ ᠳᠣᠲᠣᠭᠠᠳᠤ ᠶᠢᠨ 5 ᠮᠤᠵᠢ ᠬᠤᠲᠠ ᠶᠢᠨ ᠲᠠᠮᠢᠷᠴᠢᠳ | ᠤᠷᠤᠯᠳᠤᠭᠠᠨ ᠳᠤ ᠣᠷᠣᠯᠴᠠᠵᠠᠶ᠃ | |