| | ᠡᠨᠡ ᠵᠢᠯ ᠠᠴᠠ ᠨᠠᠰᠢ᠂ ᠦᠷᠭᠦᠯᠵᠢᠯᠡᠨ ᠥᠨᠳᠥᠷ ᠳᠤᠯᠠᠭᠠᠨ ᠪᠣᠷᠣᠭᠠᠨ ᠪᠠᠭ᠎ᠠ ᠠᠭᠤᠷ ᠠᠮᠢᠰᠬᠤᠯ ᠤᠨ | ᠨᠥᠯᠥᠭᠡ ᠠᠴᠠ ᠪᠣᠯᠵᠣ᠂ ᠮᠠᠨ ᠤ ᠬᠤᠲᠠ ᠶᠢᠨ ᠭᠡᠷᠡᠯᠳᠦᠠᠣᠳᠦ ᠰᠤᠮᠤ ᠳᠤ ᠭᠠᠩ ᠬᠠᠭᠰᠠᠷᠠᠭᠠᠨ ᠤ ᠪᠠᠶᠢᠳᠠᠯ ᠭᠠᠷᠴᠤ᠂ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠬᠦᠨᠳᠦ ᠨᠣᠴᠢᠲᠠᠶ ᠬᠦᠴᠢᠷᠳᠡᠯ ᠳᠤ ᠲᠤᠯᠭᠠᠷᠠᠵᠤ ᠪᠠᠶᠢᠨ᠎ᠠ᠃ | | | | ᠪᠦᠬᠦ ᠬᠤᠲᠠ ᠶᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠬᠦᠴᠦᠨ ᠢ ᠨᠢᠭᠲᠠᠷᠠᠭᠤᠯᠵᠤ᠂ | ᠳᠤᠮᠳᠠᠳᠤ ᠶᠢᠨ ᠦᠨᠳᠦᠰᠦᠲᠡᠨ ᠤ ︽ᠨᠢᠭᠡ ᠲᠠᠯ᠎ᠠ ᠨᠢ ᠬᠦᠴᠢᠷᠳᠡᠪᠡᠯ ᠨᠠᠢᠮᠠᠨ ᠲᠠᠯ᠎ᠠ ᠨᠢ ᠳᠡᠮᠵᠢᠬᠦ︾ ᠤᠯᠠᠮᠵᠢᠯᠠᠯᠲᠤ | ᠰᠠᠶᠢᠬᠠᠨ ᠰᠤᠷᠲᠠᠯ ᠢ ᠭᠦᠢᠴᠡᠳ ᠪᠠᠳᠠᠷᠠᠭᠤᠯᠬᠤ ᠶᠢᠨ ᠳᠣᠯᠠᠳᠠ᠂ 7 ᠰᠠᠷ᠎ᠠ ᠶᠢᠨ 26 ᠤ ᠡᠳᠦᠷ᠂ ᠬᠤᠲᠠ ᠶᠢᠨ | ᠨᠠᠮ ᠤᠨ ᠬᠤᠷᠢᠶᠠᠨ ᠤ ᠠᠯᠪᠠᠨ ᠭᠡᠷ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠬᠠᠶᠢᠷ᠎ᠠ | ᠬᠠᠯᠠᠮᠵᠢ ᠶᠢᠨ ᠲᠤᠰᠠᠯᠠᠮᠵᠢ ᠶᠢᠨ ᠠᠵᠢᠯᠯᠠᠭ᠎ᠠ ᠥᠷᠨᠢᠭᠦᠯᠵᠦ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠲᠦᠷᠦᠭᠦᠯᠡᠨ ᠵᠣᠭᠤᠰ ᠬᠠᠨᠳᠢᠪᠯᠠᠵᠤ᠂ ᠬᠤᠲᠠ ᠶᠢᠨ | ᠤᠳᠤᠷᠢᠳᠤᠯᠭ᠎ᠠ ᠶᠠᠩ ᠶᠢᠨ ᠷᠦᠢ᠂ ᠵᠠᠩ ᠯᠢ ᠴᠧᠩ ᠵᠢᠴᠢ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ | ᠤᠯᠤᠰ ᠲᠥᠷᠦ ᠶᠢᠨ ᠰᠤᠳᠤᠯᠭᠠᠨ ᠤ ᠲᠠᠰᠤᠭ ᠤᠨ ᠪᠦᠬᠦ ᠺᠠᠳ᠋ᠷ ᠠᠵᠢᠯᠲᠠᠨ ᠠᠵᠢᠯᠴᠢᠨ ᠢᠳᠡᠪᠬᠢᠲᠡᠶ ᠪᠠᠷ | ᠴᠤᠤᠷᠢᠶᠠᠲᠤᠨ ᠳᠠᠭᠠᠵᠤ᠂ ᠮᠠᠯᠴᠢᠨ ᠲᠦᠮᠡᠨ ᠳᠤ ᠥᠪᠡᠷ ᠤᠨ ᠬᠠᠶᠢᠷ᠎ᠠ ᠬᠠᠯᠠᠮᠵᠢ ᠪᠠᠨ ᠡᠷᠭᠦᠵᠦ᠂ ᠪᠣᠳᠠᠲᠤ | ᠠᠵᠢᠯᠯᠠᠭ᠎ᠠ ᠪᠠᠷ ᠢᠶᠠᠨ ᠲᠡᠳᠡᠨ ᠤ ᠨᠢᠳᠦᠨ ᠡᠮᠦᠨᠡᠬᠢ ᠬᠦᠴᠢᠷᠳᠡᠯ ᠢ ᠲᠤᠭᠤᠯᠬᠤ ᠳᠤ ᠬᠦᠴᠦᠨ ᠨᠡᠮᠡᠷᠢᠯᠡᠪᠡ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠵᠣᠭᠤᠰ ᠬᠠᠨᠳᠢᠪᠯᠠᠬᠤ ᠠᠵᠢᠯᠯᠠᠭ᠎ᠠ ᠳᠤ ᠨᠡᠶᠢᠲᠡ 11700 | ᠲᠥᠭᠦᠷᠢᠭ ᠴᠤᠭᠯᠠᠭᠤᠯᠵᠤ᠂ ᠭᠦᠨ ᠵᠤᠵᠠᠭᠠᠨ ᠬᠠᠶᠢᠷ᠎ᠠ ᠰᠡᠳᠬᠢᠯ ᠢᠶᠠᠷ ᠪᠢᠯᠬᠠᠭᠰᠠᠨ ᠪᠤᠶᠠᠨ ᠤ ᠮᠥᠩᠭᠦ ᠶᠢ ᠦᠳᠲᠡᠷ | ᠲᠦᠷᠭᠡᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠤ ᠬᠡᠷᠡᠭᠯᠡᠬᠦ ᠪᠣᠯᠤᠨ᠎ᠠ᠃ | ᠣᠶᠢᠯᠠᠭᠠᠭᠰᠠᠨ ᠢᠶᠠᠷ᠂ ᠮᠠᠨ ᠤ ᠬᠤᠲᠠ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠭᠠᠩ | ᠬᠠᠭᠰᠠᠷᠠᠭᠠᠨ ᠤ ᠪᠠᠶᠢᠳᠠᠯ ᠤᠨ ᠬᠠᠨᠳᠤᠰᠢ ᠶᠢ ᠰᠤᠳᠤᠯᠤᠨ ᠮᠠᠭᠠᠳᠯᠠᠬᠤ ᠶᠢ ᠦᠷᠭᠦᠯᠵᠢᠯᠡᠨ ᠴᠢᠩᠭᠠᠳᠬᠠᠵᠤ᠂ | ᠭᠠᠮᠰᠢᠭ ᠤᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠣᠨᠣᠪᠴᠢᠲᠠᠶ ᠮᠠᠭᠠᠳᠯᠠᠵᠤ᠂ ᠭᠠᠩ ᠬᠠᠭᠰᠠᠷᠠᠭᠠᠨ ᠲᠠᠢ | ᠲᠡᠮᠡᠴᠡᠵᠦ ᠭᠠᠮᠰᠢᠭ ᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠨᠡᠨ ᠬᠦ ᠨᠠᠷᠢᠯᠢᠭ ᠨᠠᠶᠢᠳᠠᠪᠤᠷᠢᠵᠢᠭᠤᠯᠵᠤ | ᠂ ᠪᠥᠬᠦ ᠬᠦᠴᠦᠨ ᠢᠶᠠᠷ ᠢᠶᠠᠨ ᠭᠠᠩ ᠬᠠᠭᠰᠠᠷᠠᠭᠠᠨ ᠲᠠᠢ ᠲᠡᠮᠡᠴᠡᠬᠦ᠂ ᠭᠠᠮᠰᠢᠭ ᠠᠴᠠ ᠠᠪᠤᠷᠠᠨ ᠭᠠᠮᠰᠢᠭ ᠢ | ᠪᠠᠭᠠᠰᠬᠠᠬᠤ ᠪᠠᠷ ᠴᠢᠷᠮᠠᠶᠢᠨ᠎ᠠ ᠬᠡᠵᠡᠢ᠃ | |