ᠯᠦ ᠪᠦᠦ ᠳ᠋ᠦᠩ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠲᠤᠰᠬᠠᠢ ᠰᠡᠳᠦᠪ ᠢᠶᠠᠷ ᠲᠣᠬᠢᠷᠠᠭᠤᠯᠪᠠ
ᠨᠡᠶᠢᠲᠡᠯᠡᠭᠰᠡᠨ ᠴᠠᠭ᠄
2023/7/27
   7 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠤᠭᠰᠠᠨ ᠪᠥᠭᠡᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠲᠤᠬᠠᠶ ᠶᠢᠨ ᠭᠠᠵᠠᠷ ᠲᠤᠨᠢ ᠳᠣᠭᠢᠷᠠᠭᠤᠯᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠸᠠᠩ ᠳ᠋ᠦᠩ ᠱᠧᠩ ᠣᠷᠣᠯᠴᠠᠪᠠ᠃
  ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ᠂ ᠡᠯ᠎ᠡ ᠰᠤᠷᠭᠠᠭᠤᠯᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠨ ᠬᠥᠮᠦᠵᠢᠯ ᠤᠨ ᠰᠢᠰᠲ᠋ᠧᠮ᠂ ᠪᠦᠬᠦ ᠬᠤᠳᠠ ᠶᠢᠨ ᠤᠯᠠᠨ ᠨᠡᠶᠢᠲᠡ ᠶᠢᠨ ᠰᠣᠶᠣᠯ ᠲᠠᠮᠢᠷ ᠤᠨ ᠬᠥᠳᠡᠯᠭᠡᠭᠡᠨ ᠤ ᠲᠠᠯᠠᠪᠤᠷ ᠣᠷᠳᠣᠨ ᠤ ᠭᠡᠷ ᠤᠨ ᠣᠷᠣᠢ ᠶᠢᠨ ᠪᠦᠲᠦᠴᠡ ᠪᠣᠯᠤᠨ ᠬᠡᠷᠡᠭᠯᠡᠭᠡᠨ ᠤ ᠪᠥᠮᠪᠥᠭᠡᠯᠢᠭ ᠲᠣᠣᠷᠯᠢᠭ ᠢᠨᠵᠧᠨᠧᠷᠢᠩ ᠤᠨ ᠲᠦᠷᠦᠯ ᠵᠦᠢᠯ ᠳᠤ ᠲᠤᠰᠬᠠᠢ ᠮᠡᠷᠭᠡᠵᠢᠯ ᠤᠨ ᠪᠠᠶᠢᠴᠠᠭᠠᠯᠲᠠ ᠬᠢᠵᠦ᠂ ᠶᠠᠰᠤ ᠴᠢᠨᠠᠷ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠬᠤ ᠬᠡᠷᠡᠭᠲᠡᠢ᠃ ᠵᠤᠨ ᠤ ᠠᠮᠠᠷᠠᠯᠲᠠ ᠶᠢᠨ ᠬᠤᠭᠤᠰᠣᠨ ᠬᠠᠰᠢᠯᠭ᠎ᠠ ᠶᠢ ᠠᠰᠢᠭᠯᠠᠨ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠠᠮᠤᠷ ᠲᠦᠪᠰᠢᠨ ᠢ ᠪᠠᠲᠤᠯᠠᠬᠤ ᠠᠵᠢᠯ ᠤᠨ ᠰᠠᠭᠤᠷᠢᠨ ᠳᠡᠭᠡᠷ᠎ᠡ᠂ ᠬᠡᠰᠡᠭ ᠰᠤᠷᠭᠠᠭᠤᠯᠢ ᠶᠢ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠰᠤᠷᠭᠠᠭᠤᠯᠢ ᠡᠬᠢᠯᠡᠬᠦ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠲᠤᠷᠰᠢᠯᠲᠠ ᠶᠢᠨ ᠲᠠᠰᠤᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠣᠷᠣᠨ ᠪᠠᠶᠢᠷᠢ ᠶᠢ ᠴᠢᠩᠭ᠎ᠠ ᠠᠩᠬᠠᠷᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ᠃ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠤᠷᠭᠠᠭᠤᠯᠢ ᠶᠢᠨ ᠬᠦᠷᠢᠶᠡᠨ ᠤ ᠲᠤᠬᠠᠶ ᠶᠢᠨ ᠲᠠᠯᠠᠪᠤᠷ ᠲᠤ ᠠᠵᠢᠯᠯᠠᠬᠤ᠂ ᠲᠤᠬᠠᠶ ᠶᠢᠨ ᠲᠠᠯᠠᠪᠤᠷ ᠲᠤ ᠳᠣᠭᠢᠷᠠᠭᠤᠯᠬᠤ ᠠᠵᠢᠯ ᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠪᠦᠬᠦᠯᠢ ᠴᠣᠭᠴᠠ ᠶᠢᠨ ᠠᠵᠢᠯ ᠤᠨ ᠪᠠᠶᠢᠳᠠᠯ ᠢ ᠲᠣᠳᠣᠷᠬᠠᠶ ᠣᠶᠢᠯᠠᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠣᠭᠤᠮᠲᠠ ᠶᠢ ᠰᠠᠶᠢᠲᠤᠷ ᠰᠠᠬᠢᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃
   ᠣᠳᠣᠬᠠᠨ ᠳᠤ᠂ ᠮᠠᠨ ᠤ ᠬᠤᠲᠠ ᠶᠢᠨ ᠬᠡᠰᠡᠭ ᠰᠤᠷᠭᠠᠭᠤᠯᠢ ᠶᠠᠭ ᠰᠡᠯᠪᠢᠨ ᠵᠠᠰᠠᠵᠤ ᠪᠠᠬᠢᠵᠢᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ ᠪᠠᠶᠢᠨ᠎ᠠ᠃ ᠯᠦ ᠪᠦᠦ ᠳ᠋ᠦᠩ ᠡᠨᠡ ᠠᠵᠢᠯ ᠢ ᠮᠠᠰᠢ ᠠᠩᠬᠠᠷᠴᠤ ᠪᠠᠶᠢᠨ᠎ᠠ᠃ ᠬᠤᠷᠠᠯ ᠲᠡᠭᠦᠰᠦᠭᠰᠡᠨ ᠤ ᠲᠠᠷᠠᠭ᠎ᠠ᠂ ᠲᠡᠷᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠳᠠᠭᠠᠭᠤᠯᠤᠨ ᠬᠤᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠪᠠᠷᠢᠯᠭ᠎ᠠ ᠶᠢᠨ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠪᠦᠲᠦᠴᠡ ᠶᠢ ᠪᠠᠬᠢᠵᠢᠭᠦᠯᠬᠦ ᠪᠠ ᠰᠡᠯᠪᠢᠨ ᠵᠠᠰᠠᠵᠤ ᠥᠭᠡᠷᠡᠴᠢᠯᠡᠨ ᠪᠠᠶᠢᠭᠤᠯᠬᠤ ᠪᠠᠷᠢᠯᠭ᠎ᠠ ᠶᠢᠨ ᠠᠬᠢᠴᠠ ᠶᠢ ᠨᠠᠷᠢᠨ ᠪᠠᠶᠢᠴᠠᠭᠠᠨ ᠦᠵᠡᠪᠡ᠃ ᠯᠦ ᠪᠦᠦ ᠳ᠋ᠦᠩ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠬᠢᠨᠠᠨ ᠬᠠᠮᠢᠶᠠᠷᠬᠤ ᠨᠢᠭᠡᠴᠡ ᠪᠣᠯᠤᠨ ᠪᠠᠷᠢᠯᠭ᠎ᠠ ᠪᠠᠷᠢᠬᠤ ᠨᠢᠭᠡᠴᠡ ᠨᠦᠭᠦᠳ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠪᠠᠷᠢᠯᠭ᠎ᠠ ᠪᠠᠷᠢᠬᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠨᠢᠭᠡᠨᠲᠡ ᠲᠣᠭᠲᠠᠭᠠᠭᠰᠠᠨ ᠪᠠᠷᠢᠯᠭ᠎ᠠ ᠪᠠᠷᠢᠬᠤ ᠵᠢᠷᠤᠭ᠂ ᠵᠢᠷᠤᠭ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠪᠠᠷᠢᠯᠭ᠎ᠠ ᠶᠢ ᠵᠢᠷᠤᠮᠵᠢᠭᠤᠯᠤᠨ᠂ ᠮᠠᠲ᠋ᠧᠷᠢᠶᠠᠯ ᠢ ᠵᠢᠷᠤᠮᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠨᠢ ᠲᠤᠰᠬᠠᠶ ᠮᠡᠷᠭᠡᠵᠢᠯ ᠪᠠ ᠴᠠᠭ ᠬᠤᠭᠤᠴᠠᠭᠠᠨ ᠤ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号