【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠦᠭᠡᠢ ᠨᠡᠪᠲᠡᠷᠡᠬᠦ ᠵᠠᠮ︾ ᠢᠶᠠᠷ ᠨᠡᠶᠢᠲᠡ 42.19 ᠲᠦᠮᠡᠨ ᠲᠣᠨ ᠵᠢᠮᠢᠰ ᠨᠣᠭᠤᠭ᠎ᠠ ᠪᠠᠨ ᠭᠠᠳᠠᠭᠠᠳᠤ ᠳᠤ ᠭᠠᠷᠭᠠᠪᠠ
ᠨᠡᠶᠢᠲᠡᠯᠡᠭᠰᠡᠨ ᠴᠠᠭ᠄
2023/7/27
     ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠦᠭᠰᠡᠨ ᠠᠴᠠ ᠨᠠᠰᠢ᠂ ᠡᠨᠡ ᠵᠢᠯ ᠤᠨ 7 ᠰᠠᠷ᠎ᠠ ᠶᠢᠨ 26 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠬᠢᠨᠠᠨ ᠬᠠᠮᠢᠶᠠᠷᠴᠤ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠨᠡᠶᠢᠲᠡ 42.19 ᠲᠦᠮᠡᠨ ᠲᠣᠨ ᠪᠠᠶᠢᠵᠤ᠂ ᠪᠠᠷᠠᠭᠠᠨ ᠤ ᠥᠷᠲᠡᠭ ᠨᠢ 6.04 ᠳ᠋ᠦᠩᠰᠢᠭᠤᠷ ᠲᠥᠭᠦᠷᠢᠭ ᠲᠤ ᠬᠦᠷᠴᠡᠶ᠃
  ᠵᠤᠨ ᠤ ᠤᠯᠠᠷᠢᠯ ᠤᠨ ᠰᠢᠨ᠎ᠡ ᠰᠣᠷᠭᠤᠭ ᠵᠢᠮᠢᠰ ᠨᠣᠭᠤᠭ᠎ᠠ ᠪᠣᠷᠣᠯᠠᠭᠤᠯᠭ᠎ᠠ ᠶᠢᠨ ᠢᠳᠡ ᠦᠶ᠎ᠡ ᠶᠢ ᠤᠭᠲᠤᠨ ᠠᠪᠴᠢᠷᠠᠯ᠎ᠠ᠃ ᠡᠲᠡᠭᠡᠷ ᠡᠳᠦᠷ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠳᠤ᠂ ᠰᠢᠨ᠎ᠡ ᠰᠣᠷᠭᠤᠭ ᠵᠢᠮᠢᠰ ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠴᠢᠩᠭᠡᠯᠢᠭ ᠤᠨ ᠲᠡᠭᠡᠭᠡᠪᠦᠷᠢ ᠶᠢᠨ ᠲᠡᠷᠭᠡ ᠲᠠᠰᠤᠷᠠᠯᠳᠡ ᠦᠭᠡᠢ ᠣᠯᠠᠰᠢᠷᠠᠵᠤ ᠂ ᠪᠣᠭᠤᠮᠲᠠ ᠶᠢᠨ ᠵᠢᠮᠢᠰ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠵᠢᠯ ᠤᠷᠬᠢᠯ ᠤᠨ ᠬᠤᠭᠤᠴᠠᠭ᠎ᠠ ᠶᠢ ᠤᠭᠲᠤᠨ ᠠᠪᠴᠢᠷᠠᠯ᠎ᠠ᠃ ᠴᠢᠩᠭᠡᠯᠢᠭᠲᠦ ᠲᠡᠭᠡᠭᠡᠪᠦᠷᠢ ᠶᠢᠨ ᠲᠡᠷᠭᠡ ᠨᠢ ᠲᠡᠷᠭᠡᠨ ᠳᠤ ᠠᠴᠢᠶᠠᠯᠠᠬᠤ᠂ ᠪᠠᠶᠢᠴᠠᠭᠠᠨ ᠰᠢᠯᠭᠠᠬᠤ ᠵᠡᠷᠭᠡ ᠭᠠᠷᠳᠠᠮ ᠢ ᠪᠡᠶᠡᠯᠡᠭᠦᠯᠦᠭᠰᠡᠨ ᠤ ᠳᠠᠷᠠᠭ᠎ᠠ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ︽ᠰᠠᠭᠠᠳ ᠥᠬᠡᠶ ᠨᠡᠪᠲᠡᠷᠡᠬᠦ ᠵᠠᠮ︾ ᠠᠴᠠ ᠪᠣᠭᠤᠮᠲᠠ ᠪᠠᠷ ᠥᠩᠭᠡᠷᠡᠬᠦ ᠶᠢ ᠮᠣᠩᠭᠤᠯ ᠤᠯᠤᠰ ᠲᠤ ᠬᠦᠷᠦᠭᠦᠯᠦᠨ᠎ᠡ᠃
  ᠡᠷᠢᠶᠡᠨ ᠬᠢᠯᠢ ᠶᠢᠨ ᠪᠣᠭᠤᠮᠲᠠ ᠨᠢ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠲᠥᠬᠦᠮ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠲᠠᠢ᠂ ᠮᠣᠩᠭᠤᠯ ᠤᠯᠤᠰ ᠤᠨ 80% ᠠᠴᠠ ᠳᠡᠭᠡᠭᠰᠢᠬᠢ ᠵᠢᠮᠢᠰ ᠨᠣᠭᠤᠭ᠎ᠠ ᠶᠢ ᠴᠥᠮ ᠠᠳᠡ ᠠᠴᠠ ᠣᠷᠣᠭᠤᠯᠵᠤ ᠪᠠᠶᠢᠨ᠎ᠠ᠃ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ︽ᠰᠠᠭᠠᠳ ᠥᠬᠡᠶ ᠨᠡᠪᠲᠡᠷᠡᠬᠦ ᠵᠠᠮ︾ ᠢ ᠨᠡᠪᠲᠡᠷᠡᠭᠦᠯᠦᠭᠰᠡᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠪᠣᠭᠤᠮᠲᠠ ᠪᠠᠷ ᠥᠩᠭᠡᠷᠡᠬᠦ ᠳᠦᠭᠦᠮᠴᠢᠯᠡᠭᠰᠡᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠪᠣᠭᠤᠮᠲᠠ ᠪᠠᠷ ᠥᠩᠭᠡᠷᠡᠬᠦ ᠳᠤᠮᠳᠠᠴᠢ ᠴᠠᠭ ᠢ 30 ᠮᠢᠨᠦ᠋ᠲ ᠪᠣᠯᠭᠠᠨ ᠪᠠᠭᠠᠰᠬᠠᠵᠤ᠂ ᠪᠠᠶᠢᠴᠠᠭᠠᠨ ᠰᠢᠯᠭᠠᠬᠤ ᠵᠠᠷᠯᠢᠭ ᠥᠬᠡᠶ ᠵᠢᠮᠢᠰ ᠨᠣᠭᠤᠭ᠎ᠠ ︽ᠰᠧᠺᠦ᠋ᠨ᠋ᠳ᠋ ᠤᠩᠰᠢᠬᠤ︾ ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠪᠡ᠃    ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ ᠳᠠᠷᠤᠭ᠎ᠠ ᠸᠠᠩ ᠯᠸᠢ᠄ ︽ᠪᠢᠳᠡ ᠭᠠᠳᠠᠭᠠᠳᠤ ᠠᠷᠠᠯᠵᠢᠶᠠᠨ ᠤ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠦᠷᠳᠡᠭ ᠢ ᠪᠠᠭᠤᠷᠠᠭᠤᠯᠵᠤ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠠᠷᠭ᠎ᠠ ᠵᠠᠮ ᠢ ᠰᠢᠯᠤᠭᠤᠳᠬᠠᠵᠤ᠂ ᠮᠣᠩᠭᠤᠯ ᠤᠯᠤᠰ ᠤᠨ ᠠᠷᠠᠳ ᠤᠯᠠᠨ ᠤ ᠰᠢᠨ᠎ᠡ ᠰᠣᠷᠭᠤᠭ ᠵᠢᠮᠢᠰ ᠨᠣᠭᠤᠭ᠎ᠠ ᠶᠢᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠪᠠ︾᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号