| | ᠣᠶᠢᠷ᠎ᠠ ᠶᠢᠨ ᠡᠳᠦᠷ ᠤᠳ ᠲᠤ᠂ ᠡᠷᠢᠶᠡᠨ ᠵᠠᠰᠠᠮᠠᠯ ᠵᠠᠮ ᠤᠨ ᠪᠣᠭᠤᠮᠲᠠ ᠶᠢᠨ ᠰᠢᠨ᠎ᠡ ᠰᠣᠷᠭᠤᠭ ᠵᠢᠮᠢᠰ | ᠨᠣᠭᠤᠭ᠎ᠠ ᠶᠢ ᠳᠦᠭᠦᠷᠲᠡᠯ᠎ᠡ ᠲᠡᠭᠡᠭᠡᠭᠰᠡᠨ ᠬᠥᠯᠳᠡᠭᠡᠵᠦ ᠬᠠᠳᠠᠭᠠᠯᠠᠬᠤ ᠴᠢᠩᠭᠡᠯᠢᠭ ᠤᠨ ᠲᠡᠭᠡᠭᠡᠪᠦᠷᠢ ᠶᠢᠨ ᠲᠡᠷᠭᠡ | ᠪᠣᠭᠤᠮᠲᠠ ᠪᠠᠷ ᠥᠩᠭᠡᠷᠡᠬᠦ ᠭᠠᠷ ᠭᠦᠢᠴᠡᠳᠬᠡᠯ ᠢᠶᠠᠨ ᠭᠦᠢᠴᠡᠳᠭᠡᠭᠰᠡᠨ ᠤ ᠳᠠᠷᠠᠭ᠎ᠠ᠂ ᠠᠯᠭᠤᠷᠬᠠᠨ ᠢᠶᠠᠷ ᠣᠶᠤᠨᠴᠢ | ᠪᠣᠭᠤᠮᠲᠠ ᠪᠠᠷ ᠭᠠᠷᠴᠤ᠂ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ | ᠥᠩᠭᠡᠷᠡᠬᠦ ᠰᠠᠭᠠᠳ ᠥᠬᠡᠶ ᠨᠡᠪᠲᠡᠷᠡᠬᠦ ᠵᠠᠮ ᠢᠶᠠᠷ ᠮᠣᠩᠭᠤᠯ ᠤᠯᠤᠰ ᠲᠤ ᠲᠡᠭᠡᠭᠡᠪᠦᠷᠢᠯᠡᠨ ᠬᠦᠷᠭᠡᠪᠡ᠃ | | | | ᠬᠥᠯᠳᠡᠭᠡᠵᠦ ᠬᠠᠳᠠᠭᠠᠯᠠᠬᠤ ᠴᠢᠩᠭᠡᠯᠢᠭ ᠲᠡᠷᠭᠡ ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ | ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ ᠥᠬᠡᠶ ᠨᠡᠪᠲᠡᠷᠡᠬᠦ ᠵᠠᠮ ᠢᠶᠠᠷ ᠮᠣᠩᠭᠤᠯ ᠤᠯᠤᠰ ᠲᠤ ᠵᠥᠭᠡᠭᠡᠪᠦᠷᠢᠯᠡᠨ᠎ᠡ᠃ | | ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ ᠪᠣᠭᠤᠮᠲᠠ ᠶᠢᠨ | ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ 5.5 ᠲᠦᠮᠡᠨ ᠲᠣᠨ ᠳᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 100% ᠪᠠᠷ ᠨᠡᠮᠡᠭᠳᠡᠵᠦ᠂ ᠪᠠᠷᠠᠭᠠᠨ ᠤ ᠥᠷᠲᠡᠭ ᠨᠢ 1 ᠳ᠋ᠦᠩᠰᠢᠭᠤᠷ ᠲᠥᠭᠦᠷᠢᠭ ᠢ | ᠳᠠᠪᠠᠵᠤ᠂ 103.8% ᠪᠠᠷ ᠨᠡᠮᠡᠭᠳᠡᠪᠡ᠃ | | | | ᠪᠣᠭᠤᠮᠲᠠ ᠶᠢᠨ ᠠᠵᠢᠯᠲᠠᠨ ᠭᠠᠳᠠᠭᠠᠳᠤ ᠳᠤ ᠭᠠᠷᠭᠠᠭᠰᠠᠨ ᠵᠢᠮᠢᠰ ᠨᠣᠭᠤᠭ᠎ᠠ ᠶᠢ ᠪᠠᠶᠢᠴᠠᠭᠠᠨ ᠰᠢᠯᠭᠠᠬᠤ | | ᠳᠤᠮᠳᠠᠳᠤ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠲᠦᠷᠭᠡᠨ ᠥᠩᠭᠡᠷᠡᠬᠦ ᠰᠠᠭᠠᠳ | ᠦᠭᠡᠢ ᠨᠡᠪᠲᠡᠷᠡᠬᠦ ᠵᠠᠮ ᠤᠨ ᠥᠨᠳᠥᠷ ᠪᠦᠲᠦᠮᠵᠢᠲᠡᠶ ᠠᠵᠢᠯᠯᠠᠭᠠᠨ ᠢ ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ | ︽ᠤᠷᠢᠳᠠᠪᠠᠷ ᠪᠠᠶᠢᠴᠠᠭᠠᠵᠤ ᠳᠠᠷᠠᠭ᠎ᠠ ᠨᠢ ᠠᠴᠢᠶᠠᠯᠠᠵᠤ ᠲᠡᠭᠡᠭᠡᠪᠦᠷᠢᠯᠡᠬᠦ︾ ᠵᠠᠭᠪᠤᠷ ᠢ ᠢᠳᠡᠪᠬᠢᠲᠡᠢ | ᠨᠠᠶᠢᠳᠠᠪᠤᠷᠢᠵᠢᠭᠤᠯᠵᠤ᠂ ︽ᠤᠷᠢᠳᠴᠢᠯᠠᠨ ᠭᠤᠶᠤᠴᠢᠯᠠᠨ ᠮᠡᠳᠡᠭᠦᠯᠬᠦ᠂ ᠤᠷᠢᠳᠠᠪᠠᠷ ᠪᠠᠶᠢᠴᠠᠭᠠᠬᠤ᠂ ᠲᠦᠷᠭᠡᠨ | ᠦᠨᠡᠮᠯᠡᠯ ᠭᠠᠷᠭᠠᠬᠤ︾ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠡᠷᠡᠭᠵᠢᠭᠦᠯᠪᠡ᠃ ᠵᠢᠮᠢᠰ ᠢᠳᠡᠰᠢᠨ ᠨᠣᠭᠤᠭᠠᠨ ᠤ | ᠪᠦᠲᠦᠭᠡᠭᠳᠡᠬᠦᠨ ᠢ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠦᠷᠭᠦᠯᠵᠢᠯᠡᠨ ᠰᠢᠯᠢᠳᠡᠭᠵᠢᠭᠦᠯᠵᠦ᠂ ︽52︾ ᠤᠨ | ᠤᠷᠢᠳᠴᠢᠯᠠᠨ ᠪᠣᠯᠵᠣᠵᠤ ᠪᠠᠶᠢᠴᠠᠭᠠᠨ ᠪᠠᠶᠢᠴᠠᠭᠠᠬᠤ ᠶᠢ ᠬᠡᠷᠡᠭᠵᠢᠭᠦᠯᠦᠨ᠂ ᠣᠶᠤᠨᠴᠢ ᠪᠠᠷ ᠬᠢᠨᠠᠨ ᠠᠴᠢᠶᠠᠯᠠᠵᠤ ᠬᠢᠨᠠᠨ | ᠪᠠᠭᠤᠯᠭᠠᠬᠤ᠂ ᠴᠠᠭ ᠲᠤᠬᠠᠢ ᠳᠤ ᠨᠢ ᠪᠢᠲᠡᠭᠦᠮᠵᠢᠯᠡᠬᠦ᠂ ᠨᠡᠪᠳᠡᠷᠡᠨ ᠣᠷᠣᠭᠤᠯᠬᠤ ᠦᠭᠡᠢ ᠮᠠᠶ᠋ᠢᠭ ᠢᠶᠠᠷ ᠪᠠᠶᠢᠴᠠᠭᠠᠨ | ᠰᠢᠯᠭᠠᠬᠤ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠭᠠᠳᠠᠭᠠᠳᠤ ᠳᠤ ᠭᠠᠷᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ ᠠᠵᠤ ᠠᠬᠤᠶᠢᠯᠠᠯ ᠤᠨ ᠳᠠᠩᠰᠠᠯᠠᠭᠤᠯᠬᠤ᠂ ᠪᠣᠭᠤᠮᠲᠠ ᠪᠠᠷ | ᠥᠩᠭᠡᠷᠡᠬᠦ᠂ ᠠᠶᠤᠯᠭᠦᠢ ᠦᠢᠯᠡᠳᠪᠦᠷᠢᠯᠡᠯ᠂ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠳᠤ ᠨᠢᠭᠡ︾ ᠶᠢᠨ ᠯᠠᠪᠯᠠᠭ᠎ᠠ ᠬᠠᠷᠢᠭᠤᠯᠲᠠ ᠥᠭᠬᠦ ᠦᠢᠯᠡᠴᠢᠯᠡᠭᠡ | ᠬᠠᠩᠭᠠᠵᠤ᠂ ᠬᠠᠷᠢᠶ᠎ᠠ ᠣᠷᠣᠨ ᠤ ᠵᠢᠮᠢᠰ ᠢᠳᠡᠰᠢᠨ ᠨᠣᠭᠤᠭ᠎ᠠ ᠶᠢᠨ ᠠᠵᠤ ᠠᠬᠤᠶᠢᠯᠠᠯ ᠤᠨ ᠭᠠᠳᠠᠭᠠᠳᠤ ᠳᠠᠬᠢ | ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠥᠷᠭᠡᠳᠬᠡᠬᠦ ᠳᠤ ᠴᠢᠭᠯᠡᠭᠦᠯᠦᠨ᠂ ᠠᠵᠤ ᠠᠬᠤᠶᠢᠯᠠᠯ ᠢ ᠲᠠᠨᠢᠯᠴᠠᠭᠤᠯᠤᠨ | ᠣᠷᠣᠰ ᠲᠤ ᠳᠠᠩᠰᠠᠯᠠᠭᠤᠯᠬᠤ ᠭᠤᠶᠤᠴᠢᠯᠠᠯ ᠢ ᠨᠢ ᠳᠡᠪᠰᠢᠭᠦᠯᠵᠦ᠂ ᠠᠵᠤ ᠠᠬᠤᠶᠢᠯᠠᠯ ᠢ ᠵᠢᠯᠣᠭᠤᠳᠤᠨ ᠶᠠᠰᠤ | ᠴᠢᠨᠠᠷ ᠤᠨ ᠬᠠᠮᠢᠶᠠᠷᠤᠯᠲᠠ ᠡᠵᠡᠮᠳᠡᠯ ᠪᠠ ᠮᠡᠷᠭᠡᠵᠢᠯ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠠᠷᠭᠠᠴᠠᠬᠤ ᠠᠵᠢᠯ ᠢ | ᠴᠢᠩᠭᠠᠳᠬᠠᠵᠤ᠂ ᠣᠷᠣᠰ ᠤᠨ ᠵᠠᠬ᠎ᠠ ᠳᠡᠯᠭᠡᠭᠦᠷ ᠢ ᠥᠷᠭᠡᠳᠬᠡᠨ᠂ ᠣᠷᠣᠰ ᠲᠤ ᠭᠠᠷᠭᠠᠬᠤ ᠵᠢᠮᠢᠰ ᠢᠳᠡᠰᠢᠨ | ᠨᠣᠭᠤᠭ᠎ᠠ ᠶᠢ ︽ᠦᠭᠡᠢ︾ ᠰᠢᠪᠲᠤᠯᠤᠯᠲᠠ ᠶᠢ ᠪᠡᠶᠡᠯᠡᠭᠦᠯᠪᠡ᠃ | ᠡᠷᠢᠶᠡᠨ ᠬᠤᠲᠠ ᠶᠢᠨ ᠬᠤᠤ ᠭᠠᠩ ᠵᠢᠮᠢᠰ ᠢᠳᠡᠰᠢᠨ ᠨᠣᠭᠤᠭ᠎ᠠ ᠠᠮᠤ ᠲᠣᠰᠣ ᠶᠢ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠬᠦᠷᠢᠶᠡᠯᠡᠩ ᠲᠣᠭᠤᠷᠢᠭ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠹᠧᠩ | ᡁᠢ ᠭᠠᠩ ᠬᠡᠯᠡᠬᠦ ᠳᠡᠭᠡᠨ᠄ ︽ᠪᠢᠳᠡ ᠪᠣᠭᠤᠮᠲᠠ ᠶᠢᠨ ᠬᠠᠩᠭᠠᠭᠰᠠᠨ ᠤᠷᠢᠳᠠᠪᠠᠷ ᠬᠢᠨᠠᠬᠤ ᠬᠠᠭᠤᠳᠠᠰᠤ ᠶᠢ ᠤᠷᠢᠳᠠᠪᠠᠷ | ᠪᠠᠶᠢᠴᠠᠭᠠᠨ ᠰᠢᠯᠭᠠᠬᠤ᠂ ᠤᠷᠢᠳᠠᠪᠠᠷ ᠪᠠᠶᠢᠴᠠᠭᠠᠨ ᠰᠢᠯᠭᠠᠬᠤ᠂ ᠤᠷᠢᠳᠠᠪᠠᠷ ᠶᠠᠪᠤᠭᠤᠯᠬᠤ ᠵᠡᠷᠭᠡ ᠪᠣᠭᠤᠮᠲᠠ ᠪᠠᠷ | ᠥᠩᠭᠡᠷᠡᠬᠦ ᠳᠦᠭᠦᠮᠴᠢᠯᠡᠭᠰᠡᠨ ᠠᠷᠭ᠎ᠠ ᠬᠡᠮᠵᠢᠶ᠎ᠡ ᠶᠢ ᠭᠥᠷᠳᠡᠬᠦ ᠶᠢᠨ ᠬᠠᠮᠲᠤ᠂ ᠦᠨᠡᠮᠯᠡᠯ ᠭᠤᠶᠤᠴᠢᠯᠠᠨ ᠠᠪᠬᠤ᠂ | ᠬᠠᠭᠤᠳᠠᠰᠤ ᠪᠠᠷᠢᠮᠲᠠ ᠶᠢ ᠳᠡᠭᠡᠭᠰᠢ ᠳᠠᠮᠵᠢᠭᠤᠯᠬᠤ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠳᠥᠭᠦᠮᠴᠢᠯᠡᠬᠦ ᠶᠢᠨ ᠬᠠᠮᠲᠤ᠂ ᠬᠠᠷᠢᠶ᠎ᠠ ᠭᠠᠵᠠᠷ ᠤᠨ ᠪᠠᠶᠢᠴᠠᠭᠠᠨ ᠰᠢᠯᠭᠠᠬᠤ ᠰᠠᠭᠠᠳ ᠥᠬᠡᠶ | ᠨᠡᠪᠲᠡᠷᠡᠬᠦ ᠵᠠᠮ ᠢ ᠨᠡᠮᠡᠵᠦ᠂ ᠮᠠᠨ ᠤ ᠲᠤᠬᠠᠶᠢᠯᠠᠭᠰᠠᠨ ᠠᠵᠢᠯ ᠤᠨ ᠬᠦᠢᠴᠡᠳᠬᠡᠬᠦ ᠬᠤᠷᠳᠤᠴᠠ ᠤᠯᠠᠮ ᠠᠴᠠ ᠤᠯᠠᠮ | ᠲᠦᠷᠭᠡᠨ ᠪᠣᠯᠵᠣ᠂ ᠵᠢᠮᠢᠰ ᠢᠳᠡᠰᠢᠨ ᠨᠣᠭᠤᠭ᠎ᠠ ᠶᠢ ᠭᠠᠳᠠᠭᠠᠳᠤ ᠳᠤ ᠭᠠᠷᠭᠠᠬᠤ ᠳᠤ ᠤᠯᠠᠮ ᠠᠴᠠ ᠤᠯᠠᠮ ᠲᠥᠬᠦᠮ | ᠪᠣᠯᠵᠠᠢ︾ ᠭᠡᠵᠡᠶ᠃ | |