193.5 ᠲᠦᠮᠡᠨ ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠪᠠᠷ ᠭᠠᠮᠰᠢᠭᠳᠠᠭᠰᠠᠨ ᠮᠠᠯᠴᠢᠳ ᠢ ᠬᠠᠪᠰᠤᠷᠤᠨ ᠪᠠᠴᠢᠮ ᠪᠠᠶᠢᠳᠠᠯ ᠢ ᠠᠷᠭᠠᠴᠠᠭᠠᠪᠠ
ᠨᠡᠶᠢᠲᠡᠯᠡᠭᠰᠡᠨ ᠴᠠᠭ᠄
2023/7/28
    ᠡᠨᠡ ᠵᠢᠯ ᠤᠨ ᠬᠠᠪᠤᠷ ᠠᠴᠠ ᠨᠠᠰᠢ᠂ ᠮᠠᠨ ᠤ ᠬᠤᠲᠠ ᠶᠢᠨ ᠬᠤᠷ᠎ᠠ ᠲᠤᠨᠳᠠᠰᠤ ᠪᠠᠭ᠎ᠠ᠂ ᠡᠪᠡᠰᠦ ᠪᠡᠯᠴᠢᠭᠡᠷ ᠤᠨ ᠤᠷᠭᠤᠴᠠ ᠨᠡᠯᠢᠶᠡᠳ ᠠᠨᠠᠢ ᠪᠠᠶᠢᠵᠦ᠂ ᠡᠯᠡᠰᠦᠨ ᠰᠢᠭᠤᠷᠭ᠎ᠠ᠂ ᠥᠨᠳᠥᠷ ᠳᠤᠯᠠᠭᠠᠨ ᠳᠠᠬᠢᠨ ᠳᠠᠪᠳᠠᠨ ᠡᠬᠦᠰᠴᠦ᠂ ᠭᠡᠷᠡᠯᠳᠦᠠᠣᠳᠦ ᠰᠣᠮᠣᠨ ᠤ ᠡᠯ᠎ᠡ ᠭᠠᠴᠠᠭᠠᠨ ᠤ ᠮᠠᠯᠵᠢᠬᠤ ᠡᠷᠦᠬᠡ ᠴᠥᠮ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠳᠤ ᠤᠴᠠᠷᠠᠪᠠ᠃ ᠭᠠᠮᠰᠢᠭ ᠤᠨ ᠪᠠᠶᠢᠳᠠᠯ ᠳᠤ᠂ ᠮᠠᠯᠵᠢᠬᠤ ᠣᠷᠣᠨ ᠤ ᠮᠠᠯᠵᠢᠬᠤ ᠡᠷᠦᠬᠡ ᠵᠥᠪᠬᠡᠨ ᠬᠠᠰᠢᠶᠠᠯᠠᠨ ᠲᠡᠵᠢᠭᠡᠵᠦ ᠪᠠᠶᠢᠭᠠᠳ ᠭᠠᠩ ᠤᠨ ᠪᠠᠶᠢᠳᠠᠯ ᠢ ᠠᠷᠭᠠᠴᠠᠬᠤ ᠪᠣᠯᠣᠭᠰᠠᠨ ᠠᠴᠠ᠂ ᠮᠠᠯ ᠲᠡᠵᠢᠭᠡᠬᠦ ᠥᠪᠡᠷ ᠤᠨ ᠥᠷᠲᠡᠭ ᠶᠡᠭᠡ ᠪᠠᠷ ᠨᠡᠮᠡᠭᠳᠡᠭᠰᠡᠨ ᠪᠠᠶᠢᠨ᠎ᠠ᠃    ᠭᠠᠩ ᠬᠠᠭᠤᠷᠠᠶ᠂ ᠡᠯᠡᠰᠦᠨ ᠰᠢᠭᠤᠷᠭ᠎ᠠ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠦᠵᠡᠭᠦᠯᠬᠦ ᠠᠰᠢᠭ ᠥᠬᠡᠶ ᠨᠥᠯᠥᠭᠡ ᠶᠢ ᠪᠦᠲᠦᠮᠵᠢᠲᠡᠶ ᠠᠷᠭᠠᠴᠠᠬᠤ ᠶᠢᠨ ᠲᠤᠰᠠᠳᠠ᠂ ᠬᠤᠲᠠ ᠶᠢᠨ ᠠᠷᠠᠳ ᠤᠨ ᠶᠠᠪᠣᠳᠠᠯ ᠪᠠ ᠨᠡᠶᠢᠭᠡᠮ ᠳᠣᠭᠤᠷᠢᠭ ᠬᠠᠮᠢᠶᠠᠷᠣᠯᠳᠠ ᠶᠢᠨ ᠳᠣᠪᠴᠢᠶᠠᠨ ᠠᠴᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠢᠴᠡᠳᠬᠡᠵᠦ᠂ ᠭᠠᠴᠠᠭᠠᠨ ᠤ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠮᠰᠢᠭ ᠤᠨ ᠨᠥᠯᠥᠭᠡ ᠠᠴᠠ ᠪᠣᠯᠣᠭᠰᠠᠨ ᠮᠠᠯᠴᠢᠳ  ᠤᠨ ᠠᠮᠢᠳᠣᠷᠠᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠷᠴᠢᠮᠳᠠᠢ ᠪᠠᠶᠢᠴᠠᠭᠠᠪᠠ᠃ ᠬᠤᠲᠠ ᠶᠢᠨ ᠮᠠᠯᠵᠢᠬᠤ ᠣᠷᠣᠨ ᠤ ᠭᠠᠮᠰᠢᠭ ᠲᠠᠢ ᠲᠡᠮᠡᠴᠡᠬᠦ ᠲᠣᠭᠲᠠᠴᠠ ᠶᠢᠨ ᠠᠵᠢᠯ ᠤᠨ ᠲᠥᠰᠦᠯ ᠪᠠ ᠲᠦᠷ ᠴᠠᠭ ᠤᠨ ᠠᠪᠤᠷᠠᠨ ᠲᠤᠰᠠᠯᠠᠬᠤ ᠠᠵᠢᠯ ᠤᠨ ᠠᠷᠭ᠎ᠠ ᠶᠣᠰᠣᠭᠠᠷ᠂ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷ ᠴᠠᠭ ᠤᠨ ᠠᠪᠤᠷᠠᠨ ᠲᠤᠰᠠᠯᠠᠬᠤ ︽ᠦᠨᠳᠦᠰᠦᠨ ᠵᠦᠢᠯ ᠢ ᠪᠠᠲᠤᠯᠠᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠭᠠᠩ ᠤᠨ ᠪᠠᠶᠢᠳᠠᠯ ᠳᠤ ᠲᠤᠯᠭᠠᠷᠠᠭᠰᠠᠨ 645 ᠮᠠᠯᠴᠢᠨ ᠡᠷᠦᠬᠡ ᠪᠦᠷᠢ ᠳᠤ 3000 ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠣᠳᠣᠬᠠᠨ ᠳᠤ ᠨᠢᠭᠡᠨᠲᠡ ᠪᠦᠬᠦᠨ ᠢᠶᠠᠷ ᠢᠶᠠᠨ ᠮᠠᠯᠴᠢᠳ ᠤᠨ ᠲᠠᠩᠰᠠᠨ ᠳᠤ ᠰᠢᠯᠵᠢᠭᠦᠯᠦᠨ ᠣᠷᠣᠭᠤᠯᠪᠠ᠃    ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ ᠪᠠᠷ ᠳᠠᠮᠵᠢᠭᠤᠯᠤᠨ᠂ ᠮᠠᠯᠴᠢᠳ ᠢ ᠦᠨᠡᠨᠬᠦ ᠬᠠᠪᠰᠤᠷᠤᠨ ᠨᠢᠳᠦᠨ ᠡᠮᠦᠨᠡᠬᠢ ᠬᠦᠴᠢᠷᠳᠡᠯ ᠢ ᠨᠢ ᠰᠢᠢᠳᠪᠣᠷᠢᠯᠡᠵᠦ᠂ ᠭᠠᠮᠰᠢᠭ ᠤᠨ ᠬᠤᠬᠢᠷᠠᠯ ᠢ ᠤᠯᠠᠮ ᠨᠢᠭᠡ ᠠᠯᠬᠤᠮ ᠪᠠᠭᠠᠰᠬᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号