ᠡᠨᠡ ᠵᠢᠯ ᠤᠨ ᠬᠠᠪᠤᠷ ᠠᠴᠠ ᠨᠠᠰᠢ᠂ ᠮᠠᠨ ᠤ ᠬᠤᠲᠠ ᠶᠢᠨ ᠬᠤᠷ᠎ᠠ ᠲᠤᠨᠳᠠᠰᠤ ᠪᠠᠭ᠎ᠠ᠂ ᠡᠪᠡᠰᠦ ᠪᠡᠯᠴᠢᠭᠡᠷ ᠤᠨ | ᠤᠷᠭᠤᠴᠠ ᠨᠡᠯᠢᠶᠡᠳ ᠠᠨᠠᠢ ᠪᠠᠶᠢᠵᠦ᠂ ᠡᠯᠡᠰᠦᠨ ᠰᠢᠭᠤᠷᠭ᠎ᠠ᠂ ᠥᠨᠳᠥᠷ ᠳᠤᠯᠠᠭᠠᠨ ᠳᠠᠬᠢᠨ ᠳᠠᠪᠳᠠᠨ ᠡᠬᠦᠰᠴᠦ᠂ | ᠭᠡᠷᠡᠯᠳᠦᠠᠣᠳᠦ ᠰᠣᠮᠣᠨ ᠤ ᠡᠯ᠎ᠡ ᠭᠠᠴᠠᠭᠠᠨ ᠤ ᠮᠠᠯᠵᠢᠬᠤ ᠡᠷᠦᠬᠡ ᠴᠥᠮ ᠠᠳᠠᠯᠢ ᠪᠤᠰᠤ ᠬᠡᠮᠵᠢᠶᠡᠨ ᠤ ᠭᠠᠩ | ᠬᠠᠭᠰᠠᠷᠠᠭᠠᠨ ᠳᠤ ᠤᠴᠠᠷᠠᠪᠠ᠃ ᠭᠠᠮᠰᠢᠭ ᠤᠨ ᠪᠠᠶᠢᠳᠠᠯ ᠳᠤ᠂ ᠮᠠᠯᠵᠢᠬᠤ ᠣᠷᠣᠨ ᠤ ᠮᠠᠯᠵᠢᠬᠤ ᠡᠷᠦᠬᠡ ᠵᠥᠪᠬᠡᠨ | ᠬᠠᠰᠢᠶᠠᠯᠠᠨ ᠲᠡᠵᠢᠭᠡᠵᠦ ᠪᠠᠶᠢᠭᠠᠳ ᠭᠠᠩ ᠤᠨ ᠪᠠᠶᠢᠳᠠᠯ ᠢ ᠠᠷᠭᠠᠴᠠᠬᠤ ᠪᠣᠯᠣᠭᠰᠠᠨ ᠠᠴᠠ᠂ ᠮᠠᠯ ᠲᠡᠵᠢᠭᠡᠬᠦ | ᠥᠪᠡᠷ ᠤᠨ ᠥᠷᠲᠡᠭ ᠶᠡᠭᠡ ᠪᠠᠷ ᠨᠡᠮᠡᠭᠳᠡᠭᠰᠡᠨ ᠪᠠᠶᠢᠨ᠎ᠠ᠃ | ᠭᠠᠩ ᠬᠠᠭᠤᠷᠠᠶ᠂ ᠡᠯᠡᠰᠦᠨ ᠰᠢᠭᠤᠷᠭ᠎ᠠ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠦᠵᠡᠭᠦᠯᠬᠦ ᠠᠰᠢᠭ | ᠥᠬᠡᠶ ᠨᠥᠯᠥᠭᠡ ᠶᠢ ᠪᠦᠲᠦᠮᠵᠢᠲᠡᠶ ᠠᠷᠭᠠᠴᠠᠬᠤ ᠶᠢᠨ ᠲᠤᠰᠠᠳᠠ᠂ ᠬᠤᠲᠠ ᠶᠢᠨ ᠠᠷᠠᠳ ᠤᠨ ᠶᠠᠪᠣᠳᠠᠯ ᠪᠠ ᠨᠡᠶᠢᠭᠡᠮ | ᠳᠣᠭᠤᠷᠢᠭ ᠬᠠᠮᠢᠶᠠᠷᠣᠯᠳᠠ ᠶᠢᠨ ᠳᠣᠪᠴᠢᠶᠠᠨ ᠠᠴᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ | ᠡᠭᠦᠷᠭᠡ ᠴᠢᠳᠠᠪᠤᠷᠢ ᠪᠠᠨ ᠪᠥᠬᠦ ᠲᠠᠯ᠎ᠠ ᠪᠠᠷ ᠭᠦᠢᠴᠡᠳᠬᠡᠵᠦ᠂ ᠭᠠᠴᠠᠭᠠᠨ ᠤ ᠨᠡᠶᠢᠭᠡᠮ ᠤᠨ ᠠᠪᠤᠷᠠᠨ ᠲᠤᠰᠠᠯᠠᠬᠤ | ᠲᠤᠰᠠᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠭᠠᠮᠰᠢᠭ ᠤᠨ ᠨᠥᠯᠥᠭᠡ ᠠᠴᠠ ᠪᠣᠯᠣᠭᠰᠠᠨ ᠮᠠᠯᠴᠢᠳ | ᠤᠨ ᠠᠮᠢᠳᠣᠷᠠᠯ ᠤᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠷᠴᠢᠮᠳᠠᠢ ᠪᠠᠶᠢᠴᠠᠭᠠᠪᠠ᠃ ᠬᠤᠲᠠ ᠶᠢᠨ ᠮᠠᠯᠵᠢᠬᠤ | ᠣᠷᠣᠨ ᠤ ᠭᠠᠮᠰᠢᠭ ᠲᠠᠢ ᠲᠡᠮᠡᠴᠡᠬᠦ ᠲᠣᠭᠲᠠᠴᠠ ᠶᠢᠨ ᠠᠵᠢᠯ ᠤᠨ ᠲᠥᠰᠦᠯ ᠪᠠ ᠲᠦᠷ ᠴᠠᠭ ᠤᠨ ᠠᠪᠤᠷᠠᠨ ᠲᠤᠰᠠᠯᠠᠬᠤ | ᠠᠵᠢᠯ ᠤᠨ ᠠᠷᠭ᠎ᠠ ᠶᠣᠰᠣᠭᠠᠷ᠂ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠦᠷ ᠴᠠᠭ ᠤᠨ ᠠᠪᠤᠷᠠᠨ ᠲᠤᠰᠠᠯᠠᠬᠤ ︽ᠦᠨᠳᠦᠰᠦᠨ ᠵᠦᠢᠯ ᠢ | ᠪᠠᠲᠤᠯᠠᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠲᠠ ᠶᠢᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠭᠠᠩ ᠤᠨ ᠪᠠᠶᠢᠳᠠᠯ ᠳᠤ ᠲᠤᠯᠭᠠᠷᠠᠭᠰᠠᠨ 645 ᠮᠠᠯᠴᠢᠨ ᠡᠷᠦᠬᠡ ᠪᠦᠷᠢ ᠳᠤ 3000 | ᠲᠥᠭᠦᠷᠢᠭ ᠤᠨ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠵᠤ᠂ ᠣᠳᠣᠬᠠᠨ ᠳᠤ ᠨᠢᠭᠡᠨᠲᠡ | ᠪᠦᠬᠦᠨ ᠢᠶᠠᠷ ᠢᠶᠠᠨ ᠮᠠᠯᠴᠢᠳ ᠤᠨ ᠲᠠᠩᠰᠠᠨ ᠳᠤ ᠰᠢᠯᠵᠢᠭᠦᠯᠦᠨ ᠣᠷᠣᠭᠤᠯᠪᠠ᠃ | ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠬᠤ ᠪᠠᠷ ᠳᠠᠮᠵᠢᠭᠤᠯᠤᠨ᠂ ᠮᠠᠯᠴᠢᠳ ᠢ ᠦᠨᠡᠨᠬᠦ | ᠬᠠᠪᠰᠤᠷᠤᠨ ᠨᠢᠳᠦᠨ ᠡᠮᠦᠨᠡᠬᠢ ᠬᠦᠴᠢᠷᠳᠡᠯ ᠢ ᠨᠢ ᠰᠢᠢᠳᠪᠣᠷᠢᠯᠡᠵᠦ᠂ ᠭᠠᠮᠰᠢᠭ ᠤᠨ ᠬᠤᠬᠢᠷᠠᠯ ᠢ ᠤᠯᠠᠮ ᠨᠢᠭᠡ | ᠠᠯᠬᠤᠮ ᠪᠠᠭᠠᠰᠬᠠᠪᠠ᠃ |