ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/3
   ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠡᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠪᠠ  ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 29 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 29 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠠ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ  ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾ ᠶᠢ ᠶᠠᠷᠢᠯᠴᠠᠪᠠ᠃  ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠩᠰᠢᠶᠠ ᠶᠢᠨ ᠢᠷᠭᠠᠢ ᠶᠢᠨ ︽6 • 21︾ ᠤ ᠣᠨᠴᠠ ᠬᠦᠨᠳᠦ ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠳᠤ ᠣᠯᠠᠨ ᠬᠥᠮᠥᠨ ᠰᠢᠷᠬᠠᠲᠤᠵᠤ᠂ ᠨᠡᠶᠢᠭᠡᠮ ᠤᠨ ᠨᠥᠯᠥᠭᠡ ᠶᠡᠭᠡ᠂ ᠰᠤᠷᠭᠠᠮᠵᠢ ᠲᠤᠶᠢᠯ ᠤᠨ ᠭᠦᠨᠵᠡᠭᠡᠢ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ  ᠤᠨ ᠠᠶᠤᠯ ᠦᠭᠡᠢ ᠦᠢᠯᠡᠳᠪᠦᠷᠢᠯᠡᠯ  ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠶᠡᠭᠡ ᠠᠶᠤᠯ ᠲᠦᠭᠰᠢᠭᠦᠷᠢ ᠪᠣᠯᠣᠨ ᠠᠳᠡᠯ ᠤᠨ ᠲᠠᠯᠳᠠ ᠭᠡᠮ  ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠴᠠᠭ ᠦᠷᠭᠦᠯᠵᠢ ᠰᠠᠨᠠᠭᠠᠰᠢᠷᠠᠨ ᠵᠣᠪᠠᠨᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠶᠤᠯ ᠦᠭᠡᠢ ᠦᠢᠯᠡᠳᠪᠦᠷᠢᠯᠡᠯ ᠤᠨ ᠬᠦᠨᠳᠦ ᠣᠨᠴᠠ ᠶᠡᠭᠡ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ  ᠢ ᠪᠠᠲᠤᠯᠠᠬᠤ ᠬᠡᠷᠡᠭᠲᠡᠢ᠃ ᠭᠤᠣᠯ ᠵᠥᠷᠢᠴᠡᠯ ᠢ ᠴᠢᠩᠭ᠎ᠠ ᠠᠳᠬᠤᠵᠤ᠂ ᠪᠡᠯᠡᠳᠬᠡᠮᠵᠢ ᠲᠥᠬᠦᠭᠡᠷᠦᠮᠵᠢ ᠶᠢᠨ ᠣᠷᠴᠢᠨ ᠲᠣᠭᠤᠷᠢᠨ ᠤ ︽ᠠᠯᠳᠠᠭ᠎ᠠ ᠳᠤᠲᠠᠭᠳᠠᠯ︾ ᠢ ᠪᠠᠶᠢᠴᠠᠭᠠᠬᠤ ᠪᠠᠷ ᠪᠠᠷᠠᠬᠤ ᠦᠭᠡᠢ᠂ ᠨᠡᠩ ᠴᠤ ᠬᠥᠮᠥᠨ ᠤ ᠬᠦᠴᠦᠨ ᠵᠦᠢᠯ ᠤᠨ ︽ᠡᠮᠵᠡᠭ ᠲᠠᠯ᠎ᠠ︾ ᠶᠢ ᠨᠥᠬᠦᠪᠦᠷᠢᠯᠡᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠤᠬᠠᠮᠰᠠᠷ ᠪᠣᠯᠣᠨ ᠲᠤᠬᠠᠶᠢᠯᠠᠭᠰᠠᠨ ᠠᠵᠢᠯ ᠡᠷᠭᠢᠯᠡᠭᠰᠡᠳ ᠤᠨ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠭᠡ ᠪᠠᠷ ᠠᠬᠢᠭᠤᠯᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠪᠠᠷ ᠵᠠᠰᠠᠬᠤ ᠶᠢ ᠴᠢᠩᠭᠠᠳᠬᠠᠵᠤ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠵᠠᠮ ᠲᠡᠭᠡᠭᠡᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠴᠢᠭᠯᠡᠭᠦᠯᠦᠨ᠂ ᠣᠳᠣᠬᠠᠨ ᠤ ᠲᠣᠪᠣᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠶᠢᠨ ᠬᠠᠮᠲᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠢᠷᠡᠯᠲᠡ ᠠᠴᠠ ᠨᠢ ᠪᠠᠭᠠᠰᠬᠠᠵᠤ᠂ ᠲᠠᠯᠳᠠ ᠭᠡᠮ ᠢ ᠪᠠᠶᠢᠩᠭᠤ ᠵᠠᠰᠠᠭᠰᠠᠨ ᠴᠦ ᠢᠮᠠᠭᠲᠠ ᠣᠷᠣᠰᠢᠬᠤ᠂ ᠠᠳᠡᠯ ᠢ ᠣᠯᠠᠨᠲᠠ ᠴᠠᠭᠠᠵᠠᠯᠠᠪᠠᠴᠤ ᠠᠷᠢᠯᠭᠠᠵᠤ ᠳᠡᠶᠢᠯᠬᠦ ᠦᠭᠡᠢ ᠠᠰᠠᠭᠤᠳᠠᠯ  ᠠᠴᠠ ᠵᠠᠶᠢᠯᠠᠰᠬᠢᠬᠦ ᠬᠡᠷᠡᠭᠲᠡᠢ᠃ ︽ᠨᠢᠭᠡ ᠶᠠᠪᠤᠳᠠᠯ︾  ᠤᠨ ᠲᠣᠭᠤᠷᠢᠨ ᠳᠤ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠪᠦᠬᠦ ᠬᠡᠯᠬᠢᠶ᠎ᠡ ᠪᠠᠷ ᠲᠣᠳᠣᠷᠬᠠᠶᠢᠯᠠᠵᠤ᠂ ᠬᠤᠪᠢᠶᠠᠷᠢᠯᠠᠬᠤ ᠪᠠ ᠨᠠᠶᠢᠳᠠᠪᠤᠷᠢᠵᠢᠭᠤᠯᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠩᠭ᠎ᠠ᠂ ᠪᠣᠳᠠᠲᠠᠢ ᠪᠥᠭᠡᠳ ᠨᠠᠷᠢᠯᠢᠭ ᠠᠷᠭ᠎ᠠ ᠬᠡᠮᠵᠢᠶ᠎ᠡ ᠠᠪᠴᠤ᠂ ᠴᠢᠩᠭ᠎ᠠ ᠬᠢᠨᠠᠨ ᠬᠠᠮᠢᠶᠠᠷᠴᠤ᠂ ᠬᠠᠰᠢ ᠶᠠᠰᠢ  ᠬᠠᠨᠳᠤᠬᠤ ᠦᠭᠡᠢ ᠪᠠᠶᠢᠵᠤ᠂ ᠬᠠᠤᠯᠢ ᠬᠡᠷᠡᠭᠵᠢᠭᠦᠯᠬᠦ ᠳᠤ ︽ᠠᠭᠤᠵᠢᠮ ᠰᠤᠯᠠ ᠵᠠᠳᠠᠭᠠᠢ︾ ᠪᠠᠶᠢᠬᠤ ᠶᠢ ᠡᠷᠡᠰ ᠬᠤᠷᠢᠭᠯᠠᠵᠤ᠂ ᠬᠠᠷᠢᠭᠤᠴᠠᠯᠭ᠎ᠠ ᠪᠣᠯᠣᠨ ᠳᠠᠷᠤᠯᠲᠠ ᠶᠢ ᠦᠨᠡᠨ ᠬᠦ ᠦᠨᠳᠦᠰᠦᠨ ᠱᠠᠲᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠤ ᠪᠠᠨ ᠠᠰᠠᠭᠤᠳᠠᠯ ᠢ ᠢᠯᠡᠷᠡᠭᠦᠯᠦᠨ᠂ ᠠᠰᠠᠭᠤᠳᠠᠯ ᠢ ᠰᠢᠢᠳᠪᠦᠷᠢᠯᠡᠵᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃  ᠬᠤᠷᠠᠯ ᠠᠴᠠ᠂ ᠭᠡᠷ ᠤᠨ ᠬᠡᠷᠡᠭᠰᠡᠯ ᠤᠨ ᠬᠡᠷᠡᠭᠯᠡᠭᠡ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠣᠯᠠᠨ᠂ ᠳᠡᠭᠡᠳᠦ ᠳᠣᠣᠷᠠᠳᠤ ᠤᠷᠤᠰᠬᠠᠯ ᠤᠨ ᠬᠡᠯᠬᠢᠶ᠎ᠡ ᠤᠷᠲᠤ᠂ ᠬᠡᠪᠴᠢᠶ᠎ᠡ ᠪᠠᠭᠲᠠᠭᠠᠮᠵᠢ ᠶᠡᠭᠡ ᠪᠣᠯᠬᠤᠷ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠳᠠᠶᠢᠴᠢᠯᠠᠨ ᠬᠥᠭᠵᠢᠭᠡᠬᠦ ᠨᠢ ᠰᠠᠭᠤᠭᠠᠯᠢ ᠠᠷᠠᠳ ᠤᠨ ᠬᠡᠷᠡᠭᠯᠡᠭᠡ ᠶᠢᠨ ᠨᠡᠮᠡᠭᠳᠡᠯ ᠪᠠ ᠠᠵᠤ ᠠᠬᠤᠢ ᠶᠢᠨ ᠰᠡᠷᠭᠦᠯᠲᠡ ᠶᠢ ᠳᠠᠶᠢᠴᠢᠯᠠᠬᠤ ᠳᠤ ᠠᠰᠢᠭᠲᠠᠢ ᠶᠤᠮ᠃ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠭᠡᠷ ᠤᠨ ᠬᠡᠷᠡᠭᠰᠡᠯ ᠤᠨ ᠬᠡᠷᠡᠭᠯᠡᠭᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ᠂ ᠣᠷᠣᠨ ᠰᠠᠭᠤᠴᠠ ᠶᠢᠨ ᠨᠠᠰᠤᠵᠢᠯ  ᠳᠤ ᠲᠣᠬᠢᠷᠠᠭᠰᠠᠨ ᠥᠭᠡᠷᠡᠴᠢᠯᠡᠯᠲᠡ᠂ ᠠᠷᠠᠳ ᠲᠤ ᠲᠦᠬᠦᠮ ᠦᠵᠡᠭᠦᠯᠬᠦ ᠠᠮᠢᠳᠤᠷᠠᠯ ᠤᠨ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠶᠠᠭᠳᠠᠮᠠᠯ ᠬᠠᠭᠤᠴᠢᠨ ᠡᠳ᠋ ᠪᠣᠳᠠᠰ ᠢ ᠬᠤᠷᠢᠶᠠᠨ ᠠᠪᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠬᠦ ᠵᠡᠷᠭᠡ ᠲᠦᠷᠦ ᠶᠢᠨ ᠪᠣᠳᠣᠯᠭ᠎ᠠ ᠲᠠᠢ ᠵᠣᠯᠭᠠᠭᠤᠯᠤᠨ ᠬᠠᠮᠵᠢᠯᠴᠠᠭᠤᠯᠬᠤ ᠪᠠ ᠬᠠᠮᠲᠤᠷᠠᠨ ᠬᠦᠴᠦᠯᠡᠵᠦ᠂ ᠬᠡᠷᠡᠭᠯᠡᠭᠡ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠬᠠᠩᠭᠠᠯᠭ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠡᠩ ᠤᠯᠠᠨ ᠥᠪᠡᠷᠮᠢᠴᠡ ᠴᠢᠨᠠᠷᠲᠠᠢ᠂ ᠵᠠᠬᠢᠶᠠᠯᠠᠭ᠎ᠠ ᠶᠢᠨ ᠮᠠᠶ᠋ᠢᠭ ᠤᠨ ᠭᠡᠷ ᠤᠨ ᠬᠡᠷᠡᠭᠰᠡᠯ ᠤᠨ ᠲᠠᠸᠠᠷ ᠬᠠᠩᠭᠠᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠡᠷᠡᠮᠡᠯᠵᠡᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠭᠰᠠᠨ ᠪᠠᠶᠢᠨ᠎ᠠ᠃  ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠤᠨᠰᠦ᠋ᠯ ᠤᠨ ᠬᠠᠮᠠᠭᠠᠯᠠᠯᠲᠠ ᠪᠠ ᠬᠠᠮᠵᠢᠯᠴᠠᠭᠠᠨ ᠤ ᠳᠦᠷᠢᠮ ︵ᠡᠬᠡ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠵᠢᠭᠠᠵᠤ ᠭᠠᠷᠭᠠᠭᠰᠠᠨ  ᠨᠢ᠂ ᠭᠠᠳᠠᠭᠠᠳᠤ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠠᠳᠠᠭᠠᠳᠤ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠮᠠᠨ ᠤ ᠤᠯᠤᠰ ᠤᠨ ᠭᠠᠳᠠᠭᠠᠳᠤ ᠳᠤ ᠪᠠᠶᠢᠭ᠎ᠠ ᠠᠷᠠᠳ ᠢᠷᠭᠡᠨ᠂ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃  ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ  ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶︾  ᠶᠢ ᠶᠠᠷᠢᠯᠴᠠᠨ ᠵᠠᠷᠴᠢᠮ ᠳᠡᠭᠡᠷ᠎ᠡ ᠪᠠᠨ ᠪᠠᠲᠤᠯᠠᠵᠤ᠂ ᠵᠠᠰᠠᠪᠤᠷᠢ ᠣᠷᠣᠭᠤᠯᠤᠭᠰᠠᠨ ᠡᠬᠡ ᠨᠣᠣᠷᠠᠭ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号