| | | | | 7 ᠰᠠᠷ᠎ᠠ ᠶᠢᠨ 26 ᠤ ᠣᠷᠣᠶ᠂ ᠬᠤᠲᠠ ᠶᠢᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠬᠤᠲᠠ ᠶᠢᠨ | ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠨ ᠡᠷᠭᠢᠯᠡᠭᠰᠡᠨ ᠨᠠᠢᠮᠠᠳᠤᠭᠠᠷ | ᠬᠤᠭᠤᠴᠠᠭᠠᠨ ᠤ ᠥᠪᠥᠷ ᠮᠣᠩᠭᠤᠯ · ᠡᠷᠢᠶᠡᠨ ᠬᠤᠲᠠ ᠶᠢᠨ ︽ᠴᠠᠢ ᠶᠢᠨ ᠵᠠᠮ︾ ᠰᠣᠶᠣᠯ ᠵᠢᠭᠤᠯᠴᠢᠯᠠᠯ ᠤᠨ ᠨᠠᠶᠢᠷ ᠵᠢᠴᠢ | ᠠᠷᠪᠠᠨ ᠳᠣᠯᠣᠳᠤᠭᠠᠷ ᠬᠤᠭᠤᠴᠠᠭᠠᠨ ᠤ ᠵᠣᠨ ᠤ ᠰᠣᠶᠣᠯ ᠤᠷᠠᠯᠢᠭ ᠤᠨ ᠨᠠᠶᠢᠷ ᠨᠢ ᠠᠪᠤᠷᠭᠤ ᠭᠦᠷᠪᠡᠯ ᠤᠨ ᠠᠭᠤᠳᠠᠮ | ᠲᠠᠯᠠᠪᠠᠶ ᠳᠤ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠡᠬᠢᠯᠡᠯᠲᠡ ᠶᠢᠨ | ᠶᠣᠰᠣᠯᠠᠯ ᠳᠤ ᠣᠷᠣᠯᠴᠠᠭᠰᠠᠨ ᠪᠥᠭᠡᠳ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ · ᠡᠷᠢᠶᠡᠨ ᠬᠤᠲᠠ ᠶᠢᠨ ︽ | ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠨᠠᠶᠢᠷ ᠵᠢᠴᠢ ᠠᠷᠪᠠᠨ ᠳᠣᠯᠣᠳᠤᠭᠠᠷ ᠬᠤᠭᠤᠴᠠᠭᠠᠨ ᠤ ᠵᠣᠨ ᠢ ᠠᠷᠢᠯᠭᠠᠬᠤ | ᠰᠣᠶᠣᠯ ᠤᠷᠠᠯᠢᠭ ᠤᠨ ᠨᠠᠶᠢᠷ ᠡᠬᠢᠯᠡᠭᠰᠡᠨ ᠢ ᠵᠠᠷᠯᠠᠪᠠ᠃ ᠬᠤᠳᠠ ᠶᠢᠨ ᠤᠳᠤᠷᠢᠳᠤᠯᠭ᠎ᠠ ᠶᠠᠨ ᠬᠤᠩ᠂ ᠴᠣᠭᠵᠢᠯ᠂ ᠵᠠᠩ ᠺᠠᠢ | ᠳ᠋ᠦᠩ᠂ ᠯᠠᠢ ᠰᠢᠶᠠᠩ ᠬᠤᠸᠠ᠂ ᠭᠦᠸᠧ ᠫᠢᠩ ᠸᠠᠩ᠂ ᠡᠷᠢᠶᠡᠨ ᠬᠤᠳᠠ ᠳᠤ ᠰᠠᠭᠤᠭ᠎ᠠ ᠮᠣᠩᠭᠤᠯ ᠤᠯᠤᠰ ᠤᠨ | ᠺᠤᠨᠰᠦ᠋ᠯ ᠤᠨ ᠭᠠᠵᠠᠷ ᠤᠨ ᠳᠡᠳ᠋ ᠺᠤᠨᠰᠦ᠋ᠯ ᠲᠦᠪᠰᠢᠨ ᠵᠡᠷᠭᠡ ᠬᠤᠳᠠ ᠶᠢᠨ ᠠᠷᠠᠳ ᠤᠯᠠᠨ ᠲᠠᠢ ᠬᠠᠮᠲᠤ ᠲᠣᠭᠯᠠᠯᠲᠠ ᠶᠢ | ᠰᠣᠨᠢᠷᠬᠠᠪᠠ᠃ | | | | | | ᠯᠠᠢ ᠰᠢᠶᠠᠩ ᠬᠤᠸᠠ ᠡᠬᠢᠯᠡᠯᠲᠡ ᠶᠢᠨ ᠶᠣᠰᠣᠯᠠᠯ ᠳᠡᠭᠡᠷ᠎ᠡ ᠦᠭᠡ ᠬᠡᠯᠡᠪᠡ᠃ ᠲᠡᠷᠡ᠂ ᠡᠷᠢᠶᠡᠨ ᠬᠤᠲᠠ ᠶᠡᠷᠦ ᠠᠴᠠ | ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠴᠢᠬᠤᠯᠠᠴᠢᠯᠠᠵᠤ᠂ ᠣᠯᠠᠨ ᠲᠦᠮᠡᠨ ᠤ ᠰᠣᠶᠣᠯ ᠤᠨ | ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠢᠮᠠᠭᠲᠠ ᠴᠢᠬᠤᠯᠠᠴᠢᠯᠠᠭᠰᠠᠭᠠᠷ ᠢᠷᠡᠵᠡᠶ᠂ 2014 ᠣᠨ ᠳᠤ ︽ | ᠴᠠᠢ ᠶᠢᠨ ᠵᠠᠮ︾ ᠤᠨ ᠰᠣᠶᠣᠯ ᠵᠢᠭᠤᠯᠴᠢᠯᠠᠯ ᠤᠨ ᠪᠠᠶᠠᠷ ᠢ ᠨᠢᠭᠡᠨᠲᠡ 7 ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠣᠲᠣ | ᠪᠣᠯᠲᠠᠯ᠎ᠠ ᠨᠢᠭᠡᠨᠲᠡ 7 ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠴᠠᠶ ᠶᠢᠨ ᠵᠠᠮ ᠳᠠᠭᠠᠤ ᠶᠢᠨ ᠤᠯᠤᠰ ᠤᠨ ᠳᠣᠲᠣᠭᠠᠳᠤ | ᠭᠠᠳᠠᠭᠠᠳᠤ ᠶᠢᠨ ᠵᠠᠩᠭᠢᠯᠠᠭ᠎ᠠ ᠶᠢᠨ ᠴᠡᠭ ᠤᠨ ᠬᠤᠲᠠ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠲᠦᠢᠯ ᠤᠨ ᠶᠡᠭᠡ ᠪᠠᠷ | ᠠᠬᠢᠭᠤᠯᠵᠤ᠂ ᠥᠷᠭᠡᠨ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ︽ᠴᠠᠢ ᠶᠢᠨ ᠵᠠᠮ︾ | ᠤᠨ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠠᠮᠵᠢᠯᠲᠠ ᠲᠠᠢ ᠡᠭᠦᠳᠴᠦ᠂ ᠤᠯᠠᠭ᠎ᠠ ᠵᠠᠮ ᠤᠨ ᠰᠣᠶᠣᠯ ᠢᠶᠠᠷ | ᠣᠨᠴᠠᠯᠢᠭ ᠪᠣᠯᠭᠠᠭᠰᠠᠨ᠂ ᠤᠯᠤᠰ ᠤᠨ ᠡᠭᠦᠳᠡᠨ ᠤ ᠰᠣᠶᠣᠯ ᠢᠶᠠᠷ ᠳᠦᠷᠢ ᠲᠥᠷᠬᠦ ᠶᠢᠨ ᠵᠢᠭᠤᠯᠴᠢᠯᠠᠯ ᠤᠨ ᠬᠥᠭᠵᠢᠯᠲᠡ ᠶᠢᠨ | ᠰᠢᠨ᠎ᠡ ᠪᠠᠶᠢᠷᠢᠰᠢᠯ ᠢ ᠪᠣᠶ ᠪᠣᠯᠭᠠᠪᠠ᠃ | ᠲᠣᠭᠯᠠᠯᠲᠠ ᠨᠢ ᠪᠥᠬᠦ ᠬᠤᠲᠠ ᠶᠢᠨ ᠡᠯ᠎ᠡ ᠠᠵᠢᠯ ᠲᠥᠷᠥᠯ ᠤᠨ ᠬᠤᠲᠠ ᠶᠢᠨ ᠠᠷᠠᠳ ᠢᠶᠠᠷ ᠪᠦᠷᠢᠯᠳᠦᠭᠰᠡᠨ | ᠲᠣᠭᠯᠠᠯᠲᠠ ᠶᠢᠨ ᠠᠩᠭᠢ ᠶᠢᠨ ᠠᠪᠴᠢᠷᠠᠭᠰᠠᠨ ᠳᠠᠭᠤᠤ ᠪᠥᠵᠢᠭ ᠤᠨ ᠰᠢᠲᠠᠯᠲᠠ ᠶᠢᠨ ᠳᠤᠮᠳᠠ ᠬᠥᠰᠢᠭᠡ ᠪᠠᠨ ᠰᠡᠬᠦᠪᠡ᠃ | | |