ᠴᠠᠢ ᠪᠠᠷ ᠵᠠᠭᠤᠴᠢ ᠪᠣᠯᠭᠠᠨ᠂ ᠴᠠᠢ ᠪᠠᠷ ᠨᠠᠶᠢᠵᠠ ᠪᠣᠯᠭᠠᠶ᠎ᠠ︕ ᠳᠦᠮᠡᠨ ᠭᠠᠵᠠᠷ ᠤᠨ ᠴᠠᠢ ᠶᠢᠨ ᠵᠠᠮ ᠳᠠᠭᠠᠤ ᠬᠤᠲᠠ ᠶᠢᠨ ᠤᠷᠠᠨ ᠰᠠᠶᠢᠬᠠᠨ ᠤ ᠲᠣᠭᠯᠠᠯᠲᠠ ᠪᠣᠭᠤᠮᠲᠠ ᠶᠢᠨ ᠰᠥᠨᠢ ᠶᠢᠨ ᠣᠭᠲᠠᠷᠭᠤᠢ ᠶᠢ ᠭᠡᠷᠡᠯᠳᠦᠬᠦᠯᠪᠡ
ᠨᠡᠶᠢᠲᠡᠯᠡᠭᠰᠡᠨ ᠴᠠᠭ᠄
2023/7/31
    ᠡᠨᠡ ᠪᠣᠯ ᠲᠦᠮᠡᠨ ᠭᠠᠵᠠᠷ ᠤᠨ ᠴᠠᠢ ᠶᠢᠨ ᠵᠠᠮ ᠳᠠᠭᠠᠤ ᠶᠢᠨ ᠬᠤᠲᠠ ᠶᠢᠨ ᠤᠳᠬ᠎ᠠ ᠤᠷᠠᠯᠢᠭ ᠤᠨ ᠪᠦᠯᠬᠦᠮ ᠤᠨ ᠴᠤᠭᠯᠠᠷᠠᠯ ᠮᠥᠨ᠂ ᠨᠢᠭᠡ ᠤᠳᠠᠭᠠᠨ ᠤ ᠡᠮᠦᠨ᠎ᠡ ᠤᠮᠠᠷ᠎ᠠ ᠶᠢᠨ ᠰᠤᠳᠤᠴᠤᠤᠯ᠂ ᠵᠡᠭᠦᠨ ᠪᠠᠷᠠᠭᠤᠨ ᠣᠨᠴᠠᠯᠢᠭ ᠤᠨ ᠦᠪᠡᠳᠡᠭᠰᠢ ᠴᠤᠭᠯᠠᠭᠠᠨ ᠮᠥᠨ᠃ 7 ᠰᠠᠷ᠎ᠠ ᠶᠢᠨ 27 ᠤ ᠤᠷᠤᠢ᠂ ᠨᠠᠢᠮᠠᠳᠤᠭᠠᠷ ᠬᠤᠭᠤᠴᠠᠭᠠᠨ ᠤ ᠦᠪᠤᠷ ᠮᠤᠩᠭᠤᠯ · ᠡᠷᠢᠶᠡᠨ ᠬᠤᠳᠠ ᠶᠢᠨ ︽ᠴᠠᠢ ᠶᠢᠨ ᠵᠠᠮ︾ ᠰᠤᠶᠤᠯ ᠵᠢᠭᠤᠯᠴᠢᠯᠠᠯ ᠤᠨ ᠨᠠᠶᠢᠷ ᠵᠢᠴᠢ ᠠᠷᠪᠠᠨ ᠲᠤᠯᠤᠳᠤᠭᠠᠷ ᠬᠤᠭᠤᠴᠠᠭᠠᠨ ᠤ ᠰᠤᠶᠤᠯ ᠤᠷᠠᠯᠢᠭ ᠤᠨ ᠨᠠᠶᠢᠷ ︽ᠤᠭᠳᠠᠷᠭᠤᠢ ᠳᠤ ᠲᠦᠮᠡᠨ ᠭᠠᠵᠠᠷ ᠦᠨᠳᠤᠷ ᠲᠤ ᠬᠠᠩᠬᠤᠯᠤᠨ᠎ᠠ︾ ᠭᠡᠬᠦ ᠲᠦᠮᠡᠨ ᠭᠠᠵᠠᠷ ᠤᠨ ᠴᠠᠢ ᠶᠢᠨ ᠵᠠᠮ ᠲᠠᠭᠠᠤ ᠶᠢᠨ ᠬᠤᠳᠠ ᠶᠢᠨ ᠤᠷᠠᠨ ᠰᠠᠶᠢᠬᠠᠨ ᠤ ᠦᠳᠡᠰᠢᠯᠡᠭᠡ ᠬᠤᠳᠠ ᠶᠢᠨ ᠠᠪᠤᠷᠭᠤ ᠬᠦᠷᠪᠡᠯ ᠤᠨ ᠠᠭᠤᠳᠠᠮ ᠲᠠᠯᠠᠪᠠᠢ ᠳᠤ ᠦᠪᠡᠳᠡᠭᠰᠢ ᠰᠠᠶᠢᠬᠠᠨ ᠲᠤᠭᠯᠠᠯᠳᠠ ᠭᠠᠷᠭᠠᠪᠠ᠃    ᠴᠠᠭᠠᠰᠤᠨ ᠬᠠᠶᠢᠴᠢᠯᠠᠮᠠᠯ ᠤᠨ ᠤᠷᠠᠯᠢᠭᠴᠢᠳ ᠨᠢᠭᠡ ᠬᠠᠭᠤᠳᠠᠰᠤ ᠤᠯᠠᠭᠠᠨ ᠴᠠᠭᠠᠰᠤ᠂ ᠨᠢᠭᠡ ᠬᠠᠶᠢᠴᠢ ᠬᠡᠷᠡᠭᠯᠡᠵᠦ᠂ ᠲᠤᠬᠠᠶ ᠶᠢᠨ ᠲᠠᠯᠠᠪᠠᠶ ᠳᠤ ︽ᠴᠠᠢ ᠶᠢᠨ ᠦᠨᠦᠷ︾ ᠵᠡᠷᠭᠡ ᠢᠷᠥᠭᠡᠯ ᠵᠥᠩᠨᠡᠯ ᠤᠨ ᠦᠰᠦᠭ ᠢ ᠳᠦᠭᠦᠷᠲᠡᠯ᠎ᠡ ᠬᠠᠶᠢᠴᠢᠯᠠᠵᠤ᠂ ᠲᠦᠷᠪᠡᠯᠵᠢᠨ ᠢᠮᠠᠬᠤ ᠶᠢᠨ ᠬᠤᠭᠤᠷᠣᠨᠳᠣ ᠫᠦ᠋ ᠴᠧᠩ ᠤᠨ ᠴᠠᠭᠠᠰᠤᠨ ᠬᠠᠶᠢᠴᠢᠯᠠᠮᠠᠯ ᠤᠨ ᠨᠠᠷᠢᠯᠢᠭ ᠰᠠᠶᠢᠬᠠᠨ᠂ ᠣᠷᠭᠢᠯᠤᠮ᠎ᠠ ᠬᠠᠯᠠᠭᠤᠨ ᠣᠨᠴᠠᠯᠢᠭ ᠢ ᠭᠦᠢᠴᠡᠳ ᠢᠯᠡᠷᠡᠭᠦᠯᠵᠦ᠂ ᠲᠤᠬᠠᠶ ᠶᠢᠨ ᠲᠠᠯᠠᠪᠠᠶ ᠶᠢᠨ ᠦᠵᠡᠭᠴᠢᠳ ᠲᠤ ᠡᠨᠡ ᠬᠦ ᠭᠠᠷ ᠤᠷᠠᠯᠠᠯ ᠤᠨ ᠥᠪᠡᠷᠮᠢᠴᠡ ᠤᠷᠠᠯᠢᠭ ᠤᠨ ᠷᠢᠳᠢ ᠰᠢᠳᠢ ᠶᠢ ᠣᠶᠢᠯᠠᠭᠠᠭᠤᠯᠪᠠ᠃ ᠱᠠᠨ ᠰᠢ ᠮᠤᠵᠢ ᠶᠢᠨ ᠳ᠋ᠠᠲ᠋ᠦ᠋ᠩ᠂ ᠾᠧᠪᠸᠢ ᠶᠢᠨ ᠾᠧᠩ ᠱᠦᠢ ᠵᠡᠷᠭᠡ ᠭᠠᠵᠠᠷ ᠠᠴᠠ ᠢᠷᠡᠭᠰᠡᠨ ᠳᠠᠭᠤᠴᠢᠨ ᠤᠷᠢᠳ ᠬᠤᠵᠢᠳ ᠲᠠᠶᠢᠰᠠᠨ ᠳᠤ ᠭᠠᠷᠴᠤ ᠤᠷᠠᠯᠢᠭ ᠡᠷᠬᠦᠵᠦ᠂ ︽ᠮᠠᠨ ᠤ ᠳᠤᠮᠳᠠᠳᠤ ᠶᠢᠨ ᠵᠡᠭᠦᠳᠦ︾᠂ ︽ᠭᠡᠷᠡᠯ︾ ᠵᠡᠷᠭᠡ ᠭᠤᠶᠢᠳᠠ ᠰᠠᠶᠢᠬᠠᠨ ᠰᠣᠨᠣᠰᠪᠤᠷᠢᠲᠠᠢ ᠳᠠᠭᠤᠤ ᠨᠢ ᠳᠠᠭᠤᠤ ᠬᠥᠭᠵᠢᠮ᠂ ᠬᠠᠶᠢᠷ᠎ᠠ ᠰᠡᠳᠬᠢᠯᠭᠡ ᠪᠠᠷ ᠵᠠᠮ ᠳᠠᠭᠠᠤ ᠶᠢᠨ ᠬᠤᠳᠠ ᠶᠢᠨ ᠤᠯᠠᠨ ᠲᠦᠮᠡᠨ ᠤ ᠬᠢᠯᠢ ᠬᠢᠵᠠᠭᠠᠷ ᠤᠨ ᠪᠣᠭᠤᠮᠲᠠ ᠶᠢᠨ ᠲᠤᠬᠠᠢ ᠰᠠᠶᠢᠨ ᠰᠠᠶᠢᠬᠠᠨ ᠵᠥᠩᠨᠡᠯ ᠵᠥᠩᠨᠡᠯ ᠢ ᠳᠠᠮᠵᠢᠭᠤᠯᠪᠠ᠃    ᠪᠦᠬᠦ᠋ᠢᠯᠡ ᠲᠣᠭᠯᠠᠯᠲᠠ ᠳᠤ᠂ ᠲᠣᠭᠯᠠᠭᠴᠢᠳ ᠴᠠᠶ ᠪᠠᠷ ᠵᠠᠭᠤᠴᠢ ᠪᠣᠯᠭᠠᠵᠤ᠂ ᠪᠠᠶᠠᠰᠬᠤᠯᠠᠩᠲᠤ ᠨᠠᠶᠢᠵᠠ᠂ ᠣᠭᠲᠠᠷᠭᠤᠶ ᠪᠠᠷ ᠬᠥᠰᠢᠭᠡ ᠪᠠᠨ ᠪᠣᠯᠭᠠᠵᠤ᠂ ᠴᠠᠢ ᠶᠢᠨ ᠵᠠᠮ ᠳᠠᠭᠠᠤ ᠶᠢᠨ ᠬᠤᠲᠠ ᠶᠢᠨ ᠥᠪᠡᠷᠮᠢᠴᠡ ᠣᠨᠴᠠᠯᠢᠭ ᠲᠠᠢ ᠬᠤᠶᠠᠷ ᠤᠲᠠᠰᠤᠲᠤ ᠬᠤᠭᠤᠷ᠂ ᠱᠠᠨ ᠰᠢ ᠵᠦᠴᠦᠭᠡ᠂ ᠬᠡᠦᠬᠡᠯᠳᠡᠢ ᠵᠦᠴᠦᠭᠡ᠂ ᠠᠷᠠᠳ ᠤᠨ ᠳᠠᠭᠤᠤ ᠵᠡᠷᠭᠡ ᠤᠷᠠᠨ ᠰᠠᠶᠢᠬᠠᠨ ᠤ ᠲᠣᠭᠯᠠᠯᠲᠠ ᠶᠢ ᠪᠣᠭᠤᠮᠲᠠ ᠶᠢᠨ ᠠᠷᠠᠳ ᠣᠯᠠᠨ ᠳᠤ ᠳᠡᠯᠭᠡᠨ ᠦᠵᠡᠭᠦᠯᠵᠦ᠂ ᠦᠵᠡᠭᠴᠢᠳ ᠤᠨ ᠨᠢᠳᠦ ᠶᠢ ᠬᠤᠵᠢᠷᠯᠠᠵᠠᠢ᠃ ᠲᠠᠶᠢᠰᠠᠨ ᠳᠣᠣᠷᠠᠬᠢ ᠬᠠᠰᠬᠢᠷᠬᠤ ᠳᠠᠭᠤᠨ᠂ ᠠᠯᠠᠭ᠎ᠠ ᠲᠠᠰᠢᠯᠳᠠ ᠶᠢᠨ ᠳᠠᠭᠤᠨ ᠠᠳᠡ ᠲᠡᠨᠳᠡ ᠦᠭᠡᠢ ᠴᠤᠤᠷᠢᠶᠠᠲᠤᠵᠤ᠂ ᠲᠣᠭᠯᠠᠭᠴᠢᠳ ᠪᠠᠰᠠ ᠬᠢᠯᠢ ᠶᠢᠨ ᠪᠣᠭᠤᠮᠲᠠ ᠠᠴᠠ ᠢᠷᠡᠭᠰᠡᠨ ᠭᠠᠯ ᠬᠠᠯᠠᠭᠤᠨ ᠰᠡᠳᠬᠢᠯᠭᠡ ᠶᠢ ᠭᠦᠨ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号