| | ᠳᠡᠯᠭᠡᠷ ᠵᠤᠨ ᠤ ᠪᠣᠭᠤᠮᠲᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠨ᠎ᠠ᠃ ︽ᠲᠤᠯᠤᠭᠠᠨ ᠰᠠᠷ᠎ᠠ ᠶᠢᠨ ᠨᠢᠭᠡᠨ︾ | ᠤ ᠨᠠᠮ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 6 ᠰᠠᠷ᠎ᠠ ᠶᠢᠨ 30 ᠤ ᠡᠳᠦᠷ᠂ ᠮᠠᠨ ᠤ ᠬᠤᠲᠠ | ᠤᠯᠤᠰ ᠤᠨ ᠡᠭᠦᠳᠡᠨ ᠤ ᠵᠠᠭᠠᠭ ᠤᠨ ᠬᠥᠰᠢᠶ᠎ᠡ ᠠᠭᠤᠳᠠᠮ ᠲᠠᠯᠠᠪᠠᠶ ᠳᠤ ᠨᠠᠮ ᠪᠠᠶᠢᠭᠤᠯᠤᠭᠳᠠᠭᠰᠠᠨ 102 ᠵᠢᠯ ᠤᠨ ᠣᠶ ᠶᠢ | ᠪᠡᠯᠭᠡᠯᠡᠬᠦ ︽ᠨᠠᠮ ᠤᠨ ᠲᠤᠭ ᠠᠶᠠᠯᠠᠯ ᠢᠶᠠᠨ ᠵᠠᠮᠴᠢᠯᠠᠨ ᠤᠯᠤᠰ ᠤᠨ ᠡᠭᠦᠳᠡ ᠶᠢ ᠭᠡᠶᠢᠭᠦᠯᠬᠦ︾ ᠭᠤᠤᠯ ᠰᠡᠳᠦᠪᠲᠦ | ᠠᠵᠢᠯᠯᠠᠭ᠎ᠠ ᠥᠷᠨᠢᠭᠦᠯᠵᠦ᠂ ᠨᠠᠮ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠨᠠᠮ ᠤᠨ ᠠᠭᠤᠤ ᠭᠠᠪᠢᠶ᠎ᠠ | ᠠᠤᠭ᠎ᠠ ᠵᠢᠳᠬᠦᠯ ᠢ ᠮᠠᠭᠲᠠᠨ ᠳᠠᠭᠤᠯᠠᠵᠤ᠂ ᠨᠠᠮ ᠤᠨ ᠭᠡᠰᠢᠭᠦᠨ ᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ | ᠨᠢᠭᠲᠠᠷᠠᠭᠤᠯᠤᠨ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ | ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠣᠭᠤᠮᠲᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ | ᠂ ᠪᠣᠭᠤᠮᠲᠠ ᠶᠢᠨ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠪᠡ᠃ | | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠵᠢᠴᠢ | ᠳᠥᠷᠪᠡᠨ ᠶᠡᠭᠡ ᠤᠳᠤᠷᠢᠳᠬᠤ ᠪᠠᠭ ᠤᠨ ᠭᠡᠷ ᠲᠡᠭᠡᠨ ᠪᠠᠶᠢᠭ᠎ᠠ ᠪᠤᠰᠤᠳ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ | ᠭᠤᠣᠯ ᠰᠡᠳᠦᠪᠲᠦ ᠠᠵᠢᠯᠯᠠᠭ᠎ᠠ ᠶᠢᠨ ᠬᠡᠯᠪᠡᠷᠢ ᠨᠢ ᠤᠯᠠᠨ ᠶᠠᠩᠵᠤ ᠶᠢᠨ ᠪᠠᠶᠢᠵᠤ᠂ ᠤᠯᠤᠰ ᠤᠨ ᠲᠤᠭ ᠮᠠᠨᠳᠤᠭᠤᠯᠬᠤ᠂ | ᠰᠢᠨ᠎ᠡ ᠨᠠᠮ ᠤᠨ ᠭᠡᠰᠢᠭᠦᠨ ᠨᠠᠮ ᠳᠤ ᠣᠷᠣᠬᠤ ᠲᠠᠩᠭᠠᠷᠢᠭ ᠬᠢᠬᠦ ᠵᠢᠴᠢ ᠠᠬᠠᠮᠠᠳ ᠨᠠᠮ ᠤᠨ ᠭᠡᠰᠢᠭᠦᠨ ᠨᠠᠮ ᠳᠤ ᠣᠷᠣᠬᠤ | ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠬᠤ᠂ ᠠᠬᠠᠮᠠᠳ ᠨᠠᠮ ᠤᠨ ᠭᠡᠰᠢᠭᠦᠨ ᠳᠤ ︽ᠢᠷᠠᠭᠤ ᠠᠯᠳᠠᠷᠲᠠᠢ 50 | ᠵᠢᠯ ᠤᠨ ᠤᠢ ᠶᠢᠨ ᠳᠤᠷᠠᠰᠬᠠᠯ ᠤᠨ ᠲᠡᠮᠳᠡᠭ︾ ᠵᠡᠷᠭᠡ ᠶᠢ ᠪᠠᠭᠲᠠᠭᠠᠨ᠎ᠠ᠃ | | ᠲᠤᠭ ᠬᠠᠮᠠᠭᠠᠯᠠᠭᠴᠢ ᠡᠷᠡᠰ ᠪᠠᠲᠤ ᠪᠥᠭᠡᠳ ᠬᠦᠴᠦᠲᠡᠶ ᠠᠯᠬᠤᠭ᠎ᠠ ᠪᠠᠷ ᠤᠯᠤᠰ ᠤᠨ ᠲᠤᠭ ᠢ ᠬᠠᠮᠠᠭᠠᠯᠠᠨ ᠲᠤᠭ | ᠮᠠᠨᠳᠤᠭᠤᠯᠬᠤ ᠲᠠᠶᠢᠰᠠᠨ ᠳᠤ ᠬᠦᠷᠴᠦ᠂ ᠰᠦᠷ ᠵᠢᠪᠬᠤᠯᠠᠩᠲᠠᠶ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ | ᠶᠢ ᠳᠠᠭᠠᠯᠳᠤᠨ᠂ ᠲᠠᠪᠤᠨ ᠣᠳᠣᠲᠤ ᠤᠯᠠᠭᠠᠨ ᠲᠤᠭ ᠡᠳᠦᠷ ᠠᠴᠠ ᠡᠳᠦᠷ ᠠᠯᠭᠤᠷᠬᠠᠨ ᠳᠡᠭᠡᠭᠰᠢᠯᠡᠵᠦ᠂ ᠪᠥᠬᠦ ᠬᠥᠮᠦᠰ | ᠰᠡᠳᠬᠢᠯ ᠳᠣᠭᠳᠣᠯᠤᠭᠰᠠᠨ ᠰᠡᠳᠬᠢᠯᠭᠡ ᠪᠠᠷ ᠤᠯᠤᠰ ᠤᠨ ᠲᠤᠭ ᠵᠦᠭ ᠰᠢᠷᠲᠡᠬᠦ ᠶᠣᠰᠣ ᠬᠢᠪᠠ᠃ | | ᠳᠠᠷᠠᠭ᠎ᠠ ᠨᠢ᠂ ᠪᠦᠬᠦ ᠨᠠᠮ ᠤᠨ ᠭᠡᠰᠢᠭᠦᠨ ᠲᠡᠷᠢ ᠲᠡᠭᠰᠢ ᠵᠢᠭᠰᠠᠵᠤ᠂ ᠨᠠᠮ ᠤᠨ ᠲᠤᠭ ᠤᠨ ᠡᠮᠦᠨ᠎ᠡ ᠲᠥᠪ | ᠬᠢᠴᠢᠶᠡᠩᠭᠦᠢ ᠪᠠᠷ ᠵᠣᠭᠰᠣᠪᠠ᠃ ᠨᠠᠮ ᠤᠨ ᠭᠡᠰᠢᠭᠦᠨ ᠤ ᠰᠦᠯᠳᠡ ᠲᠡᠮᠳᠡᠭ ᠪᠣᠯᠤᠨ ᠨᠠᠮ ᠤᠨ ᠲᠤᠭ ᠨᠠᠮᠢᠷᠠᠨ ᠬᠠᠷᠠᠭᠳᠠᠵᠤ᠂ | ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ ᠯᠦ ᠪᠦᠦ ᠳ᠋ᠦᠩ ᠤᠨ ᠳᠠᠭᠠᠭᠤᠯᠭ᠎ᠠ ᠳᠣᠣᠷ᠎ᠠ᠂ ᠰᠢᠨ᠎ᠡ ᠨᠠᠮ ᠤᠨ ᠭᠡᠰᠢᠭᠦᠨ | ᠠᠬᠠᠮᠠᠳ ᠨᠠᠮ ᠤᠨ ᠭᠡᠰᠢᠭᠦᠨ ᠲᠠᠢ ᠲᠥᠪ ᠴᠢᠩᠭ᠎ᠠ ᠪᠠᠷ ᠲᠠᠩᠭᠠᠷᠢᠭᠯᠠᠪᠠ᠃ ᠲᠠᠩᠭᠠᠷᠢᠭ ᠤᠨ ᠦᠭᠡᠰ ᠨᠢ ᠰᠦᠷ | ᠵᠢᠪᠬᠤᠯᠠᠩᠲᠠᠢ᠂ ᠢᠳᠡᠷᠡᠭᠦᠨ ᠳᠣᠷᠪᠢᠲᠠᠶ᠂ ᠥᠷᠭᠡᠨ ᠣᠯᠠᠨ ᠨᠠᠮ ᠤᠨ ᠭᠡᠰᠢᠭᠦᠨ ᠤ ᠨᠠᠩ ᠣᠷᠭᠢᠯᠤᠮ᠎ᠠ ᠬᠠᠯᠠᠭᠤᠨ ᠵᠣᠷᠢᠭ | ᠰᠠᠨᠠᠭ᠎ᠠ ᠪᠠᠷ ᠨᠠᠮ ᠤᠨ ᠲᠤᠬᠠᠶ ᠲᠥᠪ ᠴᠢᠩᠭ᠎ᠠ ᠠᠮᠠᠯᠠᠯᠲᠠ ᠪᠠᠨ ᠦᠢᠯᠡᠳᠦᠯᠭᠡᠵᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠲᠥᠷᠥᠭᠰᠡᠨ ᠡᠳᠦᠷ ᠤᠨ ᠪᠠᠶᠠᠷ ᠲᠤ ᠪᠡᠯᠡᠭ ᠬᠦᠷᠭᠡᠬᠦ ᠶᠢ ᠵᠣᠷᠢᠭᠵᠢᠭᠤᠯᠪᠠ᠃ | ᠯᠦ ᠪᠦᠦ ᠳ᠋ᠦᠩ ᠰᠢᠨ᠎ᠡ ᠨᠠᠮ ᠤᠨ ᠭᠡᠰᠢᠭᠦᠨ ᠳᠤ ᠨᠠᠮ ᠤᠨ ᠭᠡᠰᠢᠭᠦᠨ ᠤ ᠰᠦᠯᠳᠡ ᠲᠡᠮᠳᠡᠭ ᠵᠡᠭᠦᠵᠦ᠂ ᠰᠢᠨ᠎ᠡ ᠨᠠᠮ ᠤᠨ | ᠭᠡᠰᠢᠭᠦᠨ ᠢ ᠨᠠᠮ ᠤᠨ ᠰᠦᠯᠳᠡ ᠳᠤ ᠠᠴᠢᠶᠠᠯᠠᠭᠰᠠᠨ ᠬᠠᠷᠢᠭᠤᠴᠠᠯᠭ᠎ᠠ ᠪᠠ ᠢᠲᠡᠭᠡᠯ ᠪᠢᠰᠢᠷᠡᠯ ᠢ ᠨᠡᠩ ᠭᠦᠨᠵᠡᠭᠡᠢ | ᠣᠶᠢᠯᠠᠭᠠᠭᠤᠯᠬᠤ ᠶᠢᠨ ᠬᠠᠮᠲᠤ ᠲᠡᠳᠡᠨ ᠤ ᠠᠬᠠᠮᠠᠳ ᠨᠠᠮ ᠤᠨ ᠭᠡᠰᠢᠭᠦᠨ ᠠᠴᠠ ᠦᠯᠢᠭᠡᠷ ᠳᠠᠭᠤᠷᠢᠶᠠᠯ ᠤᠨ ᠬᠦᠴᠦᠨ ᠣᠯᠵᠤ᠂ | ᠴᠥᠬᠦᠷᠡᠰᠢ ᠦᠭᠡᠢ ᠦᠷᠭᠦᠯᠵᠢᠯᠡᠨ ᠲᠡᠮᠡᠴᠡᠬᠦ ᠶᠢ ᠬᠦᠰᠡᠪᠡ᠃ | ᠳᠠᠷᠠᠭ᠎ᠠ ᠨᠢ᠂ ᠯᠦ ᠪᠦᠦ ᠳ᠋ᠦᠩ ᠨᠠᠮ ᠳᠤ ᠣᠷᠣᠭᠠᠳ 50 ᠵᠢᠯ ᠠᠴᠠ ᠳᠡᠭᠡᠭᠰᠢᠬᠢ ᠠᠬᠠᠮᠠᠳ ᠨᠠᠮ ᠤᠨ ᠭᠡᠰᠢᠭᠦᠳ ᠲᠤ | ︽ᠢᠷᠠᠭᠤ ᠠᠯᠳᠠᠷᠲᠤ 50 ᠵᠢᠯ ᠤᠨ ᠤᠢ︾ ᠶᠢᠨ ᠳᠤᠷᠠᠰᠬᠠᠯ ᠤᠨ ᠲᠡᠮᠳᠡᠭ ᠣᠯᠭᠤᠬᠤ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠠᠬᠠᠮᠠᠳ ᠨᠠᠮ ᠤᠨ ᠭᠡᠰᠢᠭᠦᠳ ᠲᠤ ᠳᠠᠮᠵᠢᠭᠤᠯᠪᠠ᠃ | ︽ᠳᠠᠭᠤᠤ ᠬᠥᠭᠵᠢᠮ ᠤᠨ ᠨᠠᠮ ᠤᠨ ᠬᠢᠴᠢᠶᠡᠯ︾ ︽ᠪᠢ ᠲᠠᠩᠭᠠᠷᠢᠭᠯᠠᠶ᠎ᠠ︾᠂ ︽ᠢᠨᠲ᠋ᠧᠷᠨᠠᠼᠢᠣᠨᠠᠯ ᠤᠨ ᠳᠠᠭᠤᠤ︾ | ᠵᠡᠷᠭᠡ ᠤᠷᠠᠨ ᠰᠠᠶᠢᠬᠠᠨ ᠤ ᠲᠣᠭᠯᠠᠯᠲᠠ ᠨᠢ ᠬᠥᠭ ᠠᠶᠠᠰ ᠢᠶᠠᠷ ᠨᠠᠮ ᠤᠨ ᠲᠡᠦᠬᠡ ᠶᠢᠨ ᠠᠶᠠᠯᠭᠤ ᠶᠢ ᠣᠶᠢᠯᠠᠭᠠᠪᠠ᠃ | ᠲᠤᠬᠠᠢ ᠶᠢᠨ ᠲᠠᠯᠠᠪᠠᠢ ᠳᠤ᠂ ︽ᠳᠠᠭᠤᠤ ᠬᠥᠭᠵᠢᠮ ᠤᠨ ᠨᠠᠮ ᠤᠨ ᠬᠢᠴᠢᠶᠡᠯ︾᠂ ︽ᠪᠢ ᠲᠠᠩᠭᠠᠷᠢᠭᠯᠠᠬᠤ︾᠂ ︽ | ᠢᠨᠲ᠋ᠧᠷᠨᠠᠼᠢᠣᠨᠠᠯ ᠤᠨ ᠳᠠᠭᠤᠤ︾ ᠵᠡᠷᠭᠡ ᠤᠷᠠᠨ ᠰᠠᠶᠢᠬᠠᠨ ᠤ ᠲᠣᠭᠯᠠᠯᠲᠠ ᠨᠢ ᠬᠦᠭ ᠠᠶᠠᠰ ᠢᠶᠠᠷ ᠨᠠᠮ ᠤᠨ ᠲᠡᠦᠬᠡ ᠶᠢᠨ | ᠠᠶᠠᠨ ᠢ ᠣᠶᠢᠯᠠᠭᠠᠵᠤ᠂ ᠳᠠᠭᠤᠤ ᠬᠥᠭᠵᠢᠮ ᠢᠶᠠᠷ ᠨᠠᠮ ᠪᠣᠯᠤᠨ ᠤᠯᠤᠰ ᠲᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ | ᠪᠠᠶᠢᠬᠤ ᠪᠠᠨ ᠢᠯᠡᠳᠬᠡᠪᠡ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ︽ᠡᠬᠡ ᠤᠯᠤᠰ ᠤᠨ ᠬᠤᠶᠢᠲᠤ ᠡᠭᠦᠳᠡᠨ ᠤ ᠨᠠᠮ ᠤᠨ | ᠲᠤᠭ ᠤᠯᠠᠭᠠᠨ︾ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠪᠡ᠃ ᠳᠦᠭᠦᠷᠲᠡᠯ᠎ᠡ ᠪᠢᠴᠢᠭᠰᠡᠨ ᠪᠣᠳᠠᠲᠤ ᠪᠣᠳᠠᠰ᠂ | ᠳᠤᠷᠠᠳᠬᠠᠯ ᠪᠢᠯᠬᠠᠭᠰᠠᠨ ᠭᠡᠷᠡᠯ ᠵᠢᠷᠤᠭ ᠤᠳ ᠨᠢ ᠬᠢᠯᠢ ᠶᠢᠨ ᠪᠣᠭᠤᠮᠲᠠ ᠶᠢᠨ ᠥᠷᠲᠡᠭᠡ ᠠᠴᠠ ᠳᠤᠮᠳᠠᠳᠤ ᠮᠣᠩᠭᠤᠯ ᠤᠨ | ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠶᠢᠨ ᠬᠡᠷᠡᠯ ᠰᠠᠴᠤᠷᠠᠩᠭᠤᠶ ᠥᠩᠭᠡᠷᠡᠯᠲᠡ ᠶᠢ ᠠᠮᠢᠳᠤᠯᠢᠭ ᠢᠶᠠᠷ ᠳᠡᠯᠭᠡᠨ | ᠦᠵᠡᠭᠦᠯᠪᠡ᠃ | |