| | ᠣᠶᠢᠷ᠎ᠠ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠢᠭᠤᠷᠠᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ | ᠮᠣᠩᠭᠤᠯ ᠤᠯᠤᠰ ᠤᠨ ᠢᠷᠭᠡᠨ E ᠣᠪᠣᠭᠲᠤ ᠶᠢᠨ ᠬᠦᠷᠭᠡᠵᠦ ᠢᠷᠡᠭᠦᠯᠦᠭᠰᠡᠨ ︽ᠡᠷᠬᠡ ᠲᠡᠭᠰᠢ ᠲᠥᠪ ᠭᠤᠤᠯᠴᠢ | ᠡᠶ᠎ᠡ ᠵᠣᠬᠢᠴᠠᠯ ᠲᠠᠢ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠤᠯᠤᠰ ᠤᠨ ᠬᠢᠯᠢ ᠪᠠᠶᠢᠬᠤ ᠥᠬᠡᠶ︾ ᠭᠡᠬᠦ | ᠪᠢᠴᠢᠭᠡᠰᠦ ᠶᠢ ᠣᠯᠵᠤ᠂ ᠲᠡᠭᠦᠨ ᠳᠤ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠣᠶᠢᠯᠠᠭᠠᠭᠰᠠᠨ ᠢᠶᠠᠷ᠂ 6 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ ᠬᠡᠷᠡᠭᠯᠡᠭᠡᠨ ᠤ ᠵᠢᠭᠤᠷᠠᠯᠳᠤᠭᠠᠨ ᠤ | ᠠᠷᠠᠳ ᠤᠨ ᠡᠶᠡᠳᠡᠭᠦᠯᠬᠦ ᠵᠥᠪᠯᠡᠯ ᠨᠢ ᠮᠣᠩᠭᠤᠯ ᠤᠯᠤᠰ ᠤᠨ ᠢᠷᠭᠡᠨ E ᠣᠪᠣᠭᠲᠤ ᠶᠢᠨ ᠵᠠᠭᠠᠯᠳᠤᠯᠭ᠎ᠠ ᠶᠢ | ᠭᠥᠯᠢᠶᠡᠨ ᠠᠪᠴᠤ᠂ ᠲᠡᠭᠦᠨ ᠢ 2021 ᠣᠨ ᠳᠤ ᠳᠤᠮᠳᠠᠳᠤ ᠤᠯᠤᠰ ᠤᠨ ᠠᠷᠠᠳ ᠢᠷᠭᠡᠨ ᠠ ᠣᠪᠣᠭᠲᠤ ᠠᠴᠠ | ᠲᠥᠬᠦᠭᠡᠷᠦᠮᠵᠢ ᠬᠤᠳᠠᠯᠳᠤᠨ ᠠᠪᠴᠤ᠂ ᠬᠤᠳᠠᠯᠳᠤᠨ ᠠᠪᠬᠤ ᠪᠡᠯᠡ ᠮᠥᠩᠭᠦ ᠥᠭᠭᠦᠭᠰᠡᠨ ᠤ ᠳᠠᠷᠠᠭ᠎ᠠ᠂ ᠡᠨᠡ ᠵᠢᠯ | ᠪᠣᠯᠲᠠᠯ᠎ᠠ ᠮᠥᠨ ᠬᠦ ᠬᠡᠰᠡᠭ ᠲᠥᠬᠦᠭᠡᠷᠦᠮᠵᠢ ᠶᠢ ᠣᠯᠣᠭᠰᠠᠨ ᠦᠭᠡᠢ ᠪᠣᠯᠬᠤᠷ ᠵᠢᠭᠤᠷᠠᠯᠳᠤᠭᠠᠨ ᠭᠠᠷᠤᠭᠰᠠᠨ ᠪᠠᠶᠢᠨ᠎ᠠ᠃ | ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠠᠵᠢᠯᠲᠠᠳ ᠤᠴᠢᠷ ᠶᠠᠪᠤᠳᠠᠯ ᠤᠨ ᠥᠩᠭᠡᠷᠡᠯᠲᠡ ᠪᠠᠨ ᠨᠠᠷᠢᠨ | ᠣᠶᠢᠯᠠᠭᠠᠬᠤ ᠶᠢᠨ ᠬᠠᠮᠲᠤ ᠲᠤᠬᠠᠢ ᠶᠢᠨ ᠬᠤᠶᠠᠷ ᠲᠠᠯ᠎ᠠ ᠲᠠᠢ ᠪᠠᠨ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠪᠠ᠃ | 3 ᠡᠳᠦᠷ ᠤᠨ ᠴᠢᠷᠮᠠᠶᠢᠯᠭ᠎ᠠ ᠪᠠᠷ᠂ ᠬᠤᠶᠠᠷ ᠲᠠᠯ᠎ᠠ ᠪᠠᠷ ᠢᠶᠠᠨ ᠡᠴᠦᠰ ᠲᠡᠭᠡᠨ ᠡᠶ᠎ᠡ ᠲᠠᠢ ᠪᠣᠯᠵᠤ᠂ ᠡᠨᠡᠬᠦ | ᠭᠠᠳᠠᠭᠠᠳᠤ ᠲᠠᠢ ᠬᠤᠯᠪᠣᠭᠳᠠᠬᠤ ᠵᠢᠭᠤᠷᠠᠯᠳᠤᠭᠠᠨ ᠢ ᠲᠡᠭᠦᠰ ᠠᠮᠵᠢᠯᠲᠠ ᠲᠠᠢ ᠰᠢᠢᠳᠪᠦᠷᠢᠯᠡᠵᠡᠶ᠃ | ᠡᠨᠡ ᠬᠦ ᠬᠡᠷᠡᠭ ᠤᠨ ᠵᠢᠱᠢᠶ᠎ᠡ ᠪᠣᠯ 4 ᠰᠠᠷ᠎ᠠ ᠶᠢᠨ 24 ᠤ ᠡᠳᠦᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠪᠣᠯᠤᠨ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠳᠡᠭᠡᠨ ᠪᠠ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠦᠰᠦᠭ | ᠵᠢᠷᠤᠭᠰᠠᠨ ᠠᠴᠠ ᠨᠠᠭᠠᠰᠢᠬᠢ ᠠᠩᠬᠠᠳᠠᠭᠴᠢ ᠭᠠᠳᠠᠭᠠᠳᠤ ᠲᠠᠢ ᠬᠤᠯᠪᠣᠭᠳᠠᠭᠰᠠᠨ ᠵᠢᠭᠤᠷᠠᠯᠳᠤᠭᠠᠨ ᠪᠣᠯᠤᠨ᠎ᠠ᠃ | ᠬᠠᠮᠲᠤᠷᠠᠯᠴᠠᠭᠠᠨ ᠤ ᠰᠠᠨᠠᠮᠵᠢ ᠶᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠶᠣᠰᠣᠭᠠᠷ᠂ ᠬᠤᠶᠠᠷ | ᠲᠠᠯ᠎ᠠ ᠪᠠᠷ ᠢᠶᠠᠨ ᠭᠠᠳᠠᠭᠠᠳᠤ ᠳᠤ ᠬᠤᠯᠪᠣᠭᠳᠠᠬᠤ ᠡᠷᠬᠡ ᠪᠠᠨ ᠬᠠᠮᠠᠭᠠᠯᠠᠬᠤ ︽ᠰᠠᠭᠠᠳ ᠥᠬᠡᠶ ᠨᠡᠪᠲᠡᠷᠡᠬᠦ ᠵᠠᠮ︾ ᠢ | ᠪᠠᠶᠢᠭᠤᠯᠵᠤ᠂ ︽ᠳᠥᠷᠪᠡᠨ ᠲᠦᠷᠭᠡᠨ︾ ︵ᠳᠠᠷᠤᠶ ᠭᠥᠯᠢᠶᠡᠨ ᠠᠪᠴᠤ ᠰᠢᠢᠳᠪᠣᠷᠢᠯᠡᠬᠦ ᠨᠢ ᠲᠦᠷᠭᠡᠨ᠂ ᠰᠠᠯᠭᠠᠨ | ᠲᠣᠬᠢᠷᠠᠭᠤᠯᠬᠤ ᠨᠢ ᠲᠦᠷᠭᠡᠨ᠂ ᠰᠢᠢᠳᠪᠦᠷᠢᠯᠡᠬᠦ ᠨᠢ ᠲᠦᠷᠭᠡᠨ᠂ ᠬᠠᠷᠢᠭᠤ ᠲᠤᠰᠬᠠᠬᠤ ᠨᠢ ᠲᠦᠷᠭᠡᠨ︶ ᠢ ᠭᠥᠯᠢᠶᠡᠨ | ᠠᠪᠴᠤ ᠰᠢᠢᠳᠪᠣᠷᠢᠯᠡᠵᠦ ᠡᠶᠡᠳᠡᠭᠦᠯᠬᠦ ᠶᠢ ᠪᠡᠶᠡᠯᠡᠭᠦᠯᠦᠨ᠎ᠡ᠃ | |