ᠮᠠᠯᠴᠢᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠮᠠᠯ ᠲᠡᠵᠢᠭᠡᠵᠦ᠂ ᠭᠠᠩ ᠬᠠᠭᠰᠠᠷᠠᠭᠠᠨ ᠢ ᠡᠰᠡᠷᠭᠦᠴᠡᠭᠰᠡᠨ ᠪᠠᠶᠢᠳᠠᠯ
ᠨᠡᠶᠢᠲᠡᠯᠡᠭᠰᠡᠨ ᠴᠠᠭ᠄
2023/7/5
     ᠡᠨᠡ ᠵᠢᠯ ᠤᠨ ᠬᠠᠪᠤᠷ ᠠᠴᠠ ᠨᠠᠰᠢ᠂ ᠮᠠᠨ ᠤ ᠬᠤᠲᠠ ᠬᠤᠷ᠎ᠠ ᠲᠣᠨᠣᠳᠠᠰᠤ ᠪᠦᠲᠦᠮᠵᠢᠲᠡᠶ ᠪᠣᠯᠤᠭ᠎ᠠ ᠦᠭᠡᠢ᠂ ᠮᠠᠯᠵᠢᠬᠤ ᠲᠠᠷᠢᠶᠠᠯᠠᠬᠤ ᠣᠷᠣᠨ ᠳᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠠᠭᠠᠨ ᠤ ᠪᠠᠶᠢᠳᠠᠯ ᠢᠯᠡᠷᠡᠵᠦ᠂ ᠮᠠᠯᠴᠢᠳ ᠡᠪᠡᠰᠦ ᠪᠣᠷᠳᠤᠭ᠎ᠠ ᠬᠤᠳᠠᠯᠳᠤᠨ ᠠᠪᠴᠤ ᠬᠠᠰᠢᠶᠠᠯᠠᠨ ᠲᠡᠵᠢᠭᠡᠵᠦ ᠪᠠᠶᠢᠭ᠎ᠠ ᠮᠠᠯ ᠤᠨ ᠭᠠᠩ ᠬᠠᠭᠰᠠᠷᠠᠭᠠᠨ ᠤ ᠪᠠᠶᠢᠳᠠᠯ ᠢ ᠣᠶᠢᠯᠠᠭᠠᠵᠠᠶ᠃ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ  ᠳᠣᠯᠠᠳᠠ᠂ 7 ᠰᠠᠷ᠎ᠠ ᠶᠢᠨ 3 ᠤ ᠡᠳᠦᠷ᠂ ᠬᠤᠲᠠ ᠪᠠᠯᠭᠠᠰᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠮᠠᠯᠴᠢᠳ ᠲᠠᠢ ᠰᠡᠳᠬᠢᠯ ᠵᠢᠷᠦᠬᠡ ᠪᠠᠨ ᠬᠤᠯᠪᠣᠬᠤ︾ ᠲᠤᠰᠬᠠᠶ ᠰᠡᠳᠦᠪᠲᠦ ᠲᠠᠶᠢᠯᠤᠮᠵᠢ ᠬᠢᠵᠦ᠂ ᠮᠠᠯᠴᠢᠨ ᠲᠦᠮᠡᠨ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠮᠠᠯ ᠲᠡᠵᠢᠭᠡᠵᠦ᠂ ᠭᠠᠩ ᠤᠨ ᠪᠠᠶᠢᠳᠠᠯ ᠤᠨ ᠬᠤᠬᠢᠷᠠᠯ ᠢ ᠪᠠᠭᠠᠰᠬᠠᠪᠠ᠃    ᠲᠠᠶᠢᠯᠤᠮᠵᠢ ᠳᠤ᠂ ᠥᠪᠥᠷ ᠮᠣᠩᠭᠤᠯ ᠤᠨ ᠼᠤᠤ ᠳ᠋ᠦ᠋ ᠮᠠᠯ ᠠᠵᠤ ᠠᠬᠤᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠵᠢᠯᠲᠠᠳ ᠬᠡᠷᠬᠢᠨ ᠰᠢᠨᠵᠢᠯᠡᠬᠦ ᠤᠬᠠᠭᠠᠨᠴᠢ ᠪᠠᠷ ᠮᠠᠯ ᠲᠡᠵᠢᠭᠡᠬᠦ᠂ ᠲᠡᠵᠢᠭᠡᠯ ᠪᠣᠷᠳᠤᠭ᠎ᠠ ᠪᠠᠨ ᠵᠣᠬᠢᠰᠲᠠᠢ ᠳᠤᠬᠢᠷᠠᠭᠤᠯᠬᠤ ᠲᠤᠬᠠᠢ ᠵᠢᠯᠤᠭᠤᠳᠤᠯᠭ᠎ᠠ ᠬᠢᠵᠦ᠂ ᠮᠠᠯᠴᠢᠨ ᠲᠦᠮᠡᠨ ᠳᠤ ᠲᠡᠵᠢᠭᠡᠨ ᠦᠷᠡᠵᠢᠭᠦᠯᠬᠦ ︽ᠨᠢᠭᠡ ᠮᠡᠷᠭᠡᠵᠢᠯ ᠤᠨ ᠴᠢᠳᠠᠪᠤᠷᠢ︾ ᠶᠢ ᠡᠵᠡᠮᠰᠢᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠦᠵᠡᠯᠲᠡ ᠶᠢ ᠪᠦᠷᠢᠯᠳᠦᠭᠦᠯᠵᠦ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠬᠦᠴᠢᠷ ᠢ ᠤᠷᠤᠭᠰᠢᠲᠠᠢ ᠲᠤᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号