ᠬᠤᠲᠠ ᠶᠢᠨ ᠬᠡᠷᠡᠭᠯᠡᠭᠡᠨ ᠤ ᠵᠢᠭᠤᠷᠠᠯᠳᠤᠭᠠᠨ ᠢ ᠡᠶᠡᠳᠡᠭᠦᠯᠬᠦ ᠵᠥᠪᠯᠡᠯ ᠤᠨ ᠭᠠᠳᠠᠭᠠᠳᠤ ᠲᠠᠢ ᠬᠤᠯᠪᠣᠭᠳᠠᠭᠰᠠᠨ ᠵᠢᠭᠤᠷᠠᠯᠳᠤᠭᠠᠨ ᠢ ᠡᠶᠡᠳᠡᠭᠦᠯᠬᠦ ᠠᠵᠢᠯ ᠠᠮᠵᠢᠯᠲᠠ ᠤᠯᠪᠠ
ᠨᠡᠶᠢᠲᠡᠯᠡᠭᠰᠡᠨ ᠴᠠᠭ᠄
2023/7/5
   ᠣᠶᠢᠷ᠎ᠠ ᠳᠤ᠂ ᠮᠠᠨ ᠤ ᠬᠤᠲᠠ ᠶᠢᠨ ᠬᠡᠷᠡᠭᠯᠡᠭᠡᠨ ᠤ ᠵᠢᠭᠤᠷᠠᠭᠠᠨ ᠤ ᠠᠷᠠᠳ ᠤᠨ ᠡᠶᠡᠳᠡᠭᠦᠯᠭᠡ ᠶᠢᠨ ᠵᠥᠪᠯᠡᠯ ᠮᠣᠩᠭᠤᠯ ᠤᠯᠤᠰ ᠤᠨ ᠢᠷᠭᠡᠨ E ᠣᠪᠣᠭᠲᠤ ᠶᠢᠨ ᠬᠦᠷᠭᠡᠵᠦ ᠢᠷᠡᠭᠦᠯᠦᠭᠰᠡᠨ ︽ᠡᠷᠬᠡ ᠲᠡᠭᠰᠢ ᠲᠥᠪ ᠭᠤᠤᠯᠴᠢ ᠡᠶ᠎ᠡ ᠵᠣᠬᠢᠴᠠᠯ ᠲᠠᠢ ᠬᠡᠷᠡᠭᠯᠡᠭᠡᠨ ᠤ ᠡᠷᠬᠡ ᠪᠠᠨ ᠬᠠᠮᠠᠭᠠᠯᠠᠬᠤ ᠳᠤ ᠤᠯᠤᠰ ᠤᠨ ᠬᠢᠯᠢ ᠪᠠᠶᠢᠬᠤ ᠥᠬᠡᠶ︾ ᠭᠡᠬᠦ ᠪᠢᠴᠢᠭᠡᠰᠦ ᠶᠢ ᠣᠯᠵᠤ᠂ ᠲᠡᠭᠦᠨ ᠳᠤ ᠦᠵᠡᠭᠦᠯᠦᠭᠰᠡᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃    ᠣᠶᠢᠯᠠᠭᠠᠭᠰᠠᠨ ᠢᠶᠠᠷ᠂ 6 ᠰᠠᠷ᠎ᠠ ᠶᠢᠨ 25 ᠤ ᠡᠳᠦᠷ᠂ ᠮᠠᠨ ᠤ ᠬᠤᠲᠠ ᠶᠢᠨ ᠬᠡᠷᠡᠭᠯᠡᠭᠡᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠵᠥᠪᠯᠡᠯ ᠨᠢ ᠮᠣᠩᠭᠤᠯ ᠤᠯᠤᠰ ᠤᠨ ᠢᠷᠭᠡᠨ E ᠣᠪᠣᠭᠲᠤ ᠶᠢᠨ ᠵᠠᠭᠠᠯᠳᠤᠯᠭ᠎ᠠ ᠶᠢ ᠭᠥᠯᠢᠶᠡᠨ ᠠᠪᠴᠤ᠂ ᠲᠡᠭᠦᠨ ᠢ 2021 ᠣᠨ ᠳᠤ ᠳᠤᠮᠳᠠᠳᠤ ᠤᠯᠤᠰ ᠤᠨ ᠠᠷᠠᠳ ᠢᠷᠭᠡᠨ ᠠ ᠣᠪᠣᠭᠲᠤ ᠠᠴᠠ ᠲᠥᠬᠦᠭᠡᠷᠦᠮᠵᠢ ᠬᠤᠳᠠᠯᠳᠤᠨ ᠠᠪᠴᠤ᠂ ᠬᠤᠳᠠᠯᠳᠤᠨ ᠠᠪᠬᠤ ᠪᠡᠯᠡ ᠮᠥᠩᠭᠦ ᠥᠭᠭᠦᠭᠰᠡᠨ ᠤ ᠳᠠᠷᠠᠭ᠎ᠠ᠂ ᠡᠨᠡ ᠵᠢᠯ ᠪᠣᠯᠲᠠᠯ᠎ᠠ ᠮᠥᠨ ᠬᠦ ᠬᠡᠰᠡᠭ ᠲᠥᠬᠦᠭᠡᠷᠦᠮᠵᠢ ᠶᠢ ᠣᠯᠣᠭᠰᠠᠨ ᠦᠭᠡᠢ ᠪᠣᠯᠬᠤᠷ ᠵᠢᠭᠤᠷᠠᠯᠳᠤᠭᠠᠨ ᠭᠠᠷᠤᠭᠰᠠᠨ ᠪᠠᠶᠢᠨ᠎ᠠ᠃ ᠵᠠᠭᠠᠯᠳᠤᠯᠭ᠎ᠠ ᠶᠢ ᠬᠦᠯᠢᠶᠡᠨ ᠠᠪᠤᠭᠰᠠᠨ ᠤ ᠳᠠᠷᠠᠭ᠎ᠠ᠂ ᠠᠵᠢᠯᠲᠠᠳ ᠤᠴᠢᠷ ᠶᠠᠪᠤᠳᠠᠯ ᠤᠨ ᠥᠩᠭᠡᠷᠡᠯᠲᠡ ᠪᠠᠨ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠬᠤᠶᠠᠷ ᠲᠠᠯ᠎ᠠ ᠲᠠᠢ ᠪᠠᠨ ᠢᠳᠡᠪᠬᠢᠲᠡᠢ ᠪᠠᠷ ᠨᠡᠪᠲᠡᠷᠡᠯᠴᠡᠨ ᠵᠣᠬᠢᠴᠠᠭᠤᠯᠪᠠ᠃ 3 ᠡᠳᠦᠷ ᠤᠨ ᠴᠢᠷᠮᠠᠶᠢᠯᠭ᠎ᠠ ᠪᠠᠷ᠂ ᠬᠤᠶᠠᠷ ᠲᠠᠯ᠎ᠠ ᠪᠠᠷ ᠢᠶᠠᠨ ᠡᠴᠦᠰ ᠲᠡᠭᠡᠨ ᠡᠶ᠎ᠡ ᠲᠠᠢ ᠪᠣᠯᠵᠤ᠂ ᠡᠨᠡᠬᠦ ᠭᠠᠳᠠᠭᠠᠳᠤ ᠲᠠᠢ ᠬᠤᠯᠪᠣᠭᠳᠠᠬᠤ ᠵᠢᠭᠤᠷᠠᠯᠳᠤᠭᠠᠨ ᠢ ᠲᠡᠭᠦᠰ ᠠᠮᠵᠢᠯᠲᠠ ᠲᠠᠢ ᠰᠢᠢᠳᠪᠦᠷᠢᠯᠡᠵᠡᠶ᠃    ᠡᠨᠡ ᠬᠦ ᠬᠡᠷᠡᠭ ᠤᠨ ᠵᠢᠱᠢᠶ᠎ᠡ ᠪᠣᠯ 4 ᠰᠠᠷ᠎ᠠ ᠶᠢᠨ 24 ᠤ ᠡᠳᠦᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠤᠨ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠳᠡᠭᠡᠨ ᠪᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠲᠠᠢ ᠬᠠᠮᠲᠤᠷᠠᠯᠴᠠᠭᠠᠨ ᠤ ᠰᠠᠨᠠᠭᠤᠯᠤᠮᠵᠢ ᠳᠤ ᠭᠠᠷ ᠤᠨ ᠦᠰᠦᠭ ᠵᠢᠷᠤᠭᠰᠠᠨ ᠠᠴᠠ ᠨᠠᠭᠠᠰᠢᠬᠢ ᠠᠩᠬᠠᠳᠠᠭᠴᠢ ᠭᠠᠳᠠᠭᠠᠳᠤ ᠲᠠᠢ ᠬᠤᠯᠪᠣᠭᠳᠠᠭᠰᠠᠨ ᠵᠢᠭᠤᠷᠠᠯᠳᠤᠭᠠᠨ ᠪᠣᠯᠤᠨ᠎ᠠ᠃ ᠬᠠᠮᠲᠤᠷᠠᠯᠴᠠᠭᠠᠨ ᠤ ᠰᠠᠨᠠᠮᠵᠢ ᠶᠢᠨ ᠭᠤᠷᠪᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠶᠣᠰᠣᠭᠠᠷ᠂ ᠬᠤᠶᠠᠷ ᠲᠠᠯ᠎ᠠ ᠪᠠᠷ ᠢᠶᠠᠨ ᠭᠠᠳᠠᠭᠠᠳᠤ ᠳᠤ ᠬᠤᠯᠪᠣᠭᠳᠠᠬᠤ ᠡᠷᠬᠡ ᠪᠠᠨ ᠬᠠᠮᠠᠭᠠᠯᠠᠬᠤ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ︽ᠳᠥᠷᠪᠡᠨ ᠲᠦᠷᠭᠡᠨ︾ ︵ᠳᠠᠷᠤᠶ ᠭᠥᠯᠢᠶᠡᠨ ᠠᠪᠴᠤ  ᠰᠢᠢᠳᠪᠣᠷᠢᠯᠡᠬᠦ ᠨᠢ ᠲᠦᠷᠭᠡᠨ᠂ ᠰᠠᠯᠭᠠᠨ ᠲᠣᠬᠢᠷᠠᠭᠤᠯᠬᠤ ᠨᠢ ᠲᠦᠷᠭᠡᠨ᠂ ᠰᠢᠢᠳᠪᠦᠷᠢᠯᠡᠬᠦ ᠨᠢ ᠲᠦᠷᠭᠡᠨ᠂ ᠬᠠᠷᠢᠭᠤ ᠲᠤᠰᠬᠠᠬᠤ ᠨᠢ ᠲᠦᠷᠭᠡᠨ︶ ᠢ ᠭᠥᠯᠢᠶᠡᠨ ᠠᠪᠴᠤ ᠰᠢᠢᠳᠪᠣᠷᠢᠯᠡᠵᠦ ᠡᠶᠡᠳᠡᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号