ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠯᠢ ᠱᠥᠸᠧ ᠨᠠᠷ ᠮᠠᠨ ᠤ ᠬᠤᠲᠠ ᠳᠤ ᠢᠷᠡᠵᠦ ᠭᠠᠳᠠᠭᠠᠳᠤ ᠠᠷᠠᠯᠵᠢᠶᠠᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/7/6
  7 ᠰᠠᠷ᠎ᠠ ᠶᠢᠨ 4 ᠤ ᠡᠳᠦᠷ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠭᠠᠳᠠᠭᠠᠳᠤ ᠠᠷᠠᠯᠵᠢᠶᠠᠨ ᠤ ᠵᠤᠷᠭᠠᠨ ᠤ ᠳᠡᠳ᠋ ᠳᠠᠷᠤᠭ᠎ᠠ ᠯᠢ ᠱᠥᠸᠧ ᠨᠠᠷ ᠮᠠᠨ ᠤ ᠬᠤᠲᠠ ᠳᠤ ᠢᠷᠡᠵᠦ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃    ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠬᠤ᠋ ᠶᠢᠩ ᠹᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃
   ᠯᠢ ᠱᠦᠸᠧ ᠨᠠᠷ᠂ ᠳᠤᠮᠳᠠᠳᠤ ᠮᠣᠩᠭᠤᠯ ᠤᠨ ᠡᠷᠢᠶᠡᠨ ᠬᠤᠳᠠ - ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠤᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠥᠪ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠶᠢᠨ ᠭᠦ᠋ ᠶᠤᠸᠠᠨ ᠠᠮᠤ ᠳᠤᠰᠤᠨ ᠤ ᠺᠣᠮᠫᠠᠨᠢ᠂ ᠯᠦ ᠰᠢᠶᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠢᠨᠵᠧᠨᠧᠷᠢᠩ ᠤᠨ ᠠᠬᠢᠴᠠ ᠪᠣᠯᠤᠨ ᠠᠵᠤ ᠠᠬᠤᠶᠢᠯᠠᠯ ᠤᠨ ᠭᠠᠳᠠᠭᠠᠳᠤ ᠠᠷᠠᠯᠵᠢᠶᠠᠨ ᠤ ᠪᠠᠶᠢᠳᠠᠯ ᠢ ᠨᠠᠷᠢᠨ ᠣᠶᠢᠯᠠᠭᠠᠪᠠ᠃
  ᠶᠠᠷᠢᠯᠴᠠᠬᠤ ᠦᠶ᠎ᠡ ᠳᠤ᠂ ᠵᠠᠩ ᠶᠢᠩ ᠵᠢᠶᠧ ᠮᠠᠨ ᠤ ᠬᠤᠲᠠ ᠶᠢᠨ ᠳᠡᠭᠡᠷ᠎ᠡ ᠬᠠᠭᠠᠰ ᠵᠢᠯ ᠤᠨ ᠬᠤᠯᠪᠣᠭᠳᠠᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠭᠤᠣᠯ ᠠᠰᠠᠭᠤᠳᠠᠯ᠂ ᠲᠠᠷᠠᠭᠠᠴᠢ ᠶᠢᠨ ᠠᠯᠬᠤᠮ ᠤᠨ ᠲᠥᠯᠥᠪᠯᠡᠭᠡ᠂ ᠦᠨᠡᠨᠴᠢ ᠪᠠᠷ ᠬᠠᠪᠰᠤᠷᠤᠨ ᠰᠢᠢᠳᠪᠦᠷᠢᠯᠡᠬᠦ ᠠᠰᠠᠭᠤᠳᠠᠯ ᠵᠡᠷᠭᠡ ᠳᠥᠷᠪᠡᠨ ᠲᠠᠯ᠎ᠠ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠬᠠᠷᠢᠭᠤ ᠮᠡᠳᠡᠭᠦᠯᠪᠡ︔ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠬᠥᠭᠵᠢᠯᠲᠡ ᠶᠢᠨ ᠢᠷᠡᠭᠡᠳᠦᠢ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠣᠳᠣᠬᠢ ᠪᠠᠶᠢᠳᠠᠯ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ᠂ ᠭᠠᠶᠢᠯᠢ ᠪᠠᠲᠤᠯᠠᠬᠤ᠂ ᠪᠣᠭᠤᠮᠲᠠ ᠪᠠᠷ ᠥᠩᠭᠡᠷᠡᠬᠦ ᠵᠡᠷᠭᠡ ᠲᠠᠯ᠎ᠠ ᠪᠠᠷ ᠤᠷᠢᠳ ᠬᠤᠵᠢᠳ ᠶᠠᠷᠢᠶ᠎ᠠ ᠲᠠᠯᠪᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠳᠠ ᠶᠢᠨ ᠭᠠᠳᠠᠭᠠᠳᠤ ᠠᠷᠠᠯᠵᠢᠶᠠᠨ ᠤ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ ᠶᠢ ᠡᠷᠴᠢᠮ ᠲᠠᠢ ᠠᠬᠢᠭᠤᠯᠵᠤ᠂ ᠡᠷᠢᠶᠡᠨ ᠪᠣᠭᠤᠮᠲᠠ ᠶᠢᠨ ᠳᠠᠪᠠᠭᠤᠯᠢᠭ ᠢ ᠰᠠᠶᠢᠲᠤᠷ ᠭᠦᠢᠴᠡᠳ ᠬᠡᠷᠡᠭᠯᠡᠵᠦ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ ᠢ ᠥᠷᠭᠡᠳᠬᠡᠵᠦ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠪᠤᠷᠢᠲᠤ ᠴᠢᠨᠠᠷ ᠪᠠ ᠠᠮᠤᠷ ᠲᠦᠪᠰᠢᠨ ᠴᠢᠨᠠᠷ ᠢ ᠳᠡᠭᠡᠭᠰᠢᠯᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢᠨ ᠳᠤᠮᠳᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号