| ᠠᠵᠢᠯᠯᠠᠭ᠎ᠠ ᠶᠢᠨ ᠠᠬᠤᠢ ᠪᠠᠶᠢᠳᠠᠯ᠄ | | ᠴᠠᠢ ᠶᠢᠨ ᠵᠠᠮ ᠪᠤᠯ ᠠᠷᠠᠯᠵᠢᠶᠠᠨ ᠤ ᠵᠠᠮ ᠪᠤᠯᠬᠤ ᠪᠦᠭᠡᠳ ᠨᠡᠩ ᠴᠤ ᠨᠦᠭᠦᠷᠯᠡᠯ᠂ ᠨᠠᠶᠢᠷᠠᠮᠲᠠᠯ᠂ ᠪᠤᠯᠪᠠᠰᠤᠨ᠂ | ᠡᠶ᠎ᠡ ᠵᠤᠭᠢᠴᠠᠯ ᠲᠠᠢ ᠵᠠᠮ ᠮᠦᠨ᠃ ︽ᠴᠠᠢ ᠶᠢᠨ ᠵᠠᠮ︾ ᠭᠡᠬᠦ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠤᠨ | ᠲᠣᠭᠤᠷᠢᠨ ᠳᠤ ︽ᠡᠷᠲᠡᠨ ᠤ ᠢᠯᠢᠨ ᠴᠠᠢ ᠶᠢᠨ ᠵᠠᠮ ᠤᠨ ᠬᠥᠭᠵᠢᠯ ᠪᠠᠳᠠᠷᠠᠯ︾ ᠢᠶᠠᠷ ᠭᠤᠣᠯ ᠰᠡᠳᠦᠪ ᠪᠣᠯᠭᠠᠨ᠎ᠠ᠃ | ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ · ᠡᠷᠢᠶᠡᠨ ᠬᠤᠲᠠ ᠶᠢᠨ ︽ᠴᠠᠢ ᠶᠢᠨ ᠵᠠᠮ︾ ᠤᠨ ᠰᠣᠶᠣᠯ | ᠵᠢᠭᠤᠯᠴᠢᠯᠠᠯ ᠤᠨ ᠨᠠᠶᠢᠷ ᠵᠢᠴᠢ ᠠᠷᠪᠠᠨ ᠳᠣᠯᠣᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠰᠣᠶᠣᠯ | ᠤᠷᠠᠯᠢᠭ ᠤᠨ ᠨᠠᠶᠢᠷ ᠢ ᠡᠷᠬᠢᠯᠡᠵᠦ᠂ ᠡᠷᠢᠶᠡᠨ ᠬᠤᠲᠠ ᠶᠢᠨ ᠡᠯᠪᠡᠭ ᠳᠡᠯᠪᠡᠭ ᠰᠣᠶᠣᠯ ᠵᠢᠭᠤᠯᠴᠢᠯᠠᠯ ᠤᠨ ᠡᠬᠢ | ᠪᠠᠶᠠᠯᠢᠭ ᠢ ᠤᠯᠠᠮ ᠨᠢᠭᠡ ᠠᠯᠬᠤᠮ ᠲᠠᠨᠢᠯᠴᠠᠭᠤᠯᠪᠠ᠃ | | ᠬᠥᠭᠵᠢᠯᠲᠡ ᠶᠢᠨ ᠬᠠᠷᠠᠯᠲᠠ᠄ | | ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ · ᠡᠷᠢᠶᠡᠨ ᠬᠤᠲᠠ ᠶᠢᠨ ︽ᠴᠠᠢ ᠶᠢᠨ ᠵᠠᠮ︾ ᠤᠨ ᠰᠣᠶᠣᠯ | ᠵᠢᠭᠤᠯᠴᠢᠯᠠᠯ ᠤᠨ ᠨᠠᠶᠢᠷ ᠵᠢᠴᠢ ᠠᠷᠪᠠᠨ ᠳᠣᠯᠣᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠰᠣᠶᠣᠯ ᠤᠷᠠᠯᠢᠭ ᠤᠨ | ᠨᠠᠶᠢᠷ ᠤᠨ ᠠᠵᠢᠯᠯᠠᠭ᠎ᠠ ᠪᠠᠷ ᠳᠠᠮᠵᠢᠭᠤᠯᠤᠨ᠂ ᠡᠷᠢᠶᠡᠨ ᠬᠤᠲᠠ ᠶᠢᠨ ᠥᠪᠡᠷᠮᠢᠴᠡ ᠲᠠᠲᠠᠬᠤ ᠬᠦᠴᠦᠨ ᠪᠠ ᠣᠯᠠᠨ | ᠡᠰᠢᠳᠦ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠡᠷᠢᠶᠡᠨ ᠬᠤᠲᠠ ᠶᠢᠨ ᠭᠦᠨ ᠵᠤᠵᠠᠭᠠᠨ | ᠲᠡᠦᠬᠡ ᠶᠢᠨ ᠰᠠᠭᠤᠷᠢ ᠪᠠ ᠣᠳᠣ ᠦᠶ᠎ᠡ ᠶᠢᠨ ᠪᠣᠯᠪᠠᠰᠤᠨ ᠤ ᠦᠷ᠎ᠡ ᠪᠦᠲᠦᠭᠡᠯ ᠤᠨ ᠴᠤᠭᠯᠠᠭᠠᠨ ᠢ ᠣᠶᠢᠯᠠᠭᠠᠵᠦ᠂ | ᠡᠷᠢᠶᠡᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠴᠡᠴᠡᠭᠯᠡᠨ ᠬᠥᠭᠵᠢᠯᠲᠡ ᠶᠢᠨ ᠰᠢᠨ᠎ᠡ ᠳᠦᠷᠰᠦ ᠪᠠᠶᠢᠳᠠᠯ ᠢ | ᠬᠠᠮᠲᠤᠪᠠᠷ ᠪᠡᠯᠭᠡᠯᠡᠪᠡ᠃ | | ᠭᠤᠣᠯ ᠡᠭᠦᠷᠭᠡ᠄ | | ᠲᠣᠰ ᠤᠳᠠᠭᠠᠨ ᠤ ᠠᠵᠢᠯᠯᠠᠭ᠎ᠠ ᠨᠢ 7 ᠰᠠᠷ᠎ᠠ ᠶᠢᠨ 26 ᠤ ᠡᠳᠦᠷ ᠠᠴᠠ ᠡᠬᠢᠯᠡᠨ ᠦᠷᠭᠦᠯᠵᠢᠯᠡᠨ ᠨᠢᠭᠡ ᠰᠠᠷ᠎ᠠ | ᠰᠢᠬᠠᠮ ᠬᠤᠭᠤᠴᠠᠭ᠎ᠠ ᠲᠠᠢ ᠶᠠᠪᠤᠭᠳᠠᠵᠤ᠂ ᠭᠤᠤᠯᠳᠠᠭᠤ ᠡᠬᠢᠯᠡᠯᠲᠡ ᠶᠢᠨ ᠶᠣᠰᠣᠯᠠᠯ᠂ ᠲᠤᠰᠬᠠᠶ ᠤᠷᠠᠨ ᠰᠠᠶᠢᠬᠠᠨ ᠤ | ᠲᠣᠭᠯᠠᠯᠲᠠ᠂ ᠪᠡᠯᠡᠳᠬᠡᠯ ᠬᠠᠶᠢᠷᠴᠠᠭ ᠤᠨ ᠴᠤᠭᠯᠠᠭ᠎ᠠ᠂ ᠠᠮᠲᠠᠲᠤ ᠢᠳᠡᠭᠡᠨ ᠤ ᠪᠠᠶᠠᠷ ᠵᠡᠷᠭᠡ ᠣᠯᠠᠨ ᠠᠭᠤᠯᠭ᠎ᠠ ᠪᠠᠷ | ᠪᠦᠷᠢᠯᠳᠦᠵᠡᠶ᠃ | | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠴᠢ ᠵᠢᠴᠢ ᠠᠰᠠᠭᠤᠨ ᠯᠠᠪᠯᠠᠬᠤ ᠤᠲᠠᠰᠤ᠄ | | ᠬᠡᠷᠪᠡ ᠲᠣᠰ ︽ᠠᠵᠢᠯ ᠤᠨ ᠲᠥᠰᠦᠯ ᠤᠨ ᠮᠡᠳᠡᠭᠳᠡᠯ︾ ᠳᠤ ᠣᠶᠢᠯᠠᠭᠠᠬᠤ ᠥᠬᠡᠶ ᠲᠠᠯ᠎ᠠ ᠪᠠᠶᠢᠪᠠᠯ ᠡᠷᠢᠶᠡᠨ | ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠪᠣᠳᠠᠲᠠᠶ ᠠᠰᠠᠭᠤᠨ ᠯᠠᠪᠯᠠᠵᠤ | ᠪᠣᠯᠤᠨ᠎ᠠ᠂ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0479 - 7528115 ︵ᠠᠵᠢᠯᠯᠠᠬᠤ | ᠡᠳᠦᠷ ᠤᠨ 8᠄ 30-12᠄ 00᠂ 14᠄ 30-17᠄ 30︶ | |