【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠪᠣᠭᠤᠮᠲᠠ ᠶᠢᠨ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠣᠩᠭᠤᠯ ᠤᠯᠤᠰ ᠤᠨ ᠰᠢᠯᠢᠮᠳᠡᠭ ᠤᠨ ᠦᠷ᠎ᠡ ᠶᠢᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ ᠤᠨ ᠵᠦᠢᠯ ᠳᠠᠬᠢ ᠤᠭ ᠭᠠᠷᠤᠯᠲᠠ ᠶᠢᠨ ᠣᠷᠣᠨ ᠳᠤ ᠠᠰᠢᠭ ᠬᠦᠷᠲᠡᠭᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/8/1
    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ ᠤᠨ ᠵᠦᠢᠯ ᠨᠢ ᠮᠣᠩᠭᠤᠯ ᠤᠯᠤᠰ ᠤᠨ ᠰᠢᠯᠢᠮᠳᠡᠭ ᠤᠨ ᠦᠷ᠎ᠡ 4.27 ᠲᠦᠮᠡᠨ ᠲᠤᠨ᠂ ᠠᠳᠠᠯᠢ ᠬᠤᠭᠤᠴᠠᠭᠠᠨ ᠤ ᠬᠢ ᠠᠴᠠ 113 ᠳᠠᠬᠢᠨ ᠨᠡᠮᠡᠭᠳᠡᠵᠦ᠂ ᠪᠠᠷᠠᠭᠠᠨ ᠤ ᠥᠷᠲᠡᠭ ᠨᠢ 2.04 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 169 ᠳᠠᠬᠢᠨ ᠨᠡᠮᠡᠭᠳᠡᠵᠦ᠂ ᠠᠵᠤ ᠠᠬᠤᠶᠢᠯᠠᠯ ᠤᠨ ᠪᠣᠭᠤᠮᠲᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠪᠡ᠃    
   ᠣᠶᠢᠯᠠᠭᠠᠭᠰᠠᠨ ᠢᠶᠠᠷ᠂ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠬᠢᠭᠡᠳ ᠮᠣᠩᠭᠤᠯ ᠤᠯᠤᠰ ᠬᠠᠷᠢᠯᠴᠠᠨ ︽ᠠᠽᠢᠶ᠎ᠠ ᠨᠣᠮᠣᠬᠠᠨ ᠲᠡᠯᠡᠶ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ︾ ᠤᠨ  ᠵᠦᠢᠯᠡᠰ ᠤᠨ ᠳᠣᠤᠷᠠᠬᠢ ᠪᠣᠭᠤᠮᠲᠠ ᠶᠢᠨ ᠭᠠᠶᠢᠯᠢ ᠶᠢ ᠬᠠᠰᠤᠵᠤ ᠳᠣᠭᠢᠷᠠᠭᠤᠯᠬᠤ ᠶᠢ ᠬᠡᠷᠡᠭᠵᠢᠭᠦᠯᠵᠦ᠂ ᠰᠢᠯᠢᠮᠳᠡᠭ ᠤᠨ ᠦᠷ᠎ᠡ ᠪᠠᠷ ᠵᠢᠱᠢᠶᠡᠯᠡᠪᠡᠯ᠂ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠶᠢᠨ ᠨᠣᠷᠮ᠎ᠠ ᠶᠢ 9% ᠪᠠᠶᠢᠭᠰᠠᠨ ᠠᠴᠠ ᠪᠣᠭᠤᠮᠲᠠ ᠶᠢᠨ ᠭᠠᠶᠢᠯᠢ ᠪᠣᠯᠭᠠᠵᠤ᠂ ᠮᠠᠨ ᠤ ᠤᠯᠤᠰ ᠤᠨ ᠰᠢᠯᠢᠮᠳᠡᠭ ᠤᠨ ᠦᠷ᠎ᠡ ᠡᠳ᠋ᠰᠢᠭᠦᠯᠬᠦ ᠠᠵᠤ ᠠᠬᠤᠶᠢᠯᠠᠯ ᠳᠤ ᠯᠤᠲᠤ ᠶᠡᠭᠡ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠵᠦ᠂ ᠤᠯᠤᠰ ᠤᠨ ᠳᠣᠲᠣᠭᠠᠳᠤ ᠶᠢᠨ ᠠᠵᠤ ᠠᠬᠤᠶᠢᠯᠠᠯ ᠤᠨ ᠮᠣᠩᠭᠤᠯ ᠤᠯᠤᠰ ᠤᠨ ᠰᠢᠯᠢᠮᠳᠡᠭ ᠤᠨ ᠦᠷ᠎ᠡ ᠶᠢ ᠣᠷᠣᠭᠤᠯᠬᠤ ᠢᠳᠡᠪᠬᠢᠵᠢᠯ ᠶᠡᠭᠡ ᠪᠠᠷ ᠳᠡᠭᠡᠭᠰᠢᠯᠡᠪᠡ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠤᠨ ᠨᠥᠯᠥᠭᠡ ᠠᠯᠬᠤᠮ ᠠᠯᠬᠤᠮ ᠢᠶᠠᠷ ᠠᠷᠢᠯᠵᠤ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠠᠴᠠ ᠣᠷᠣᠭᠤᠯᠬᠤ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠳᠤ ᠢᠳᠡᠪᠬᠢᠲᠡᠢ ᠲᠣᠬᠢᠷᠠᠭᠤᠯᠤᠯᠲᠠ ᠬᠢᠵᠦ᠂ ᠮᠣᠩᠭᠤᠯ ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠬᠦᠴᠦᠨ ᠡᠮᠬᠢ ᠵᠢᠷᠤᠮ ᠲᠠᠢ ᠰᠡᠷᠭᠦᠵᠦ᠂ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ ᠰᠢᠯᠢᠮᠳᠡᠭ ᠤᠨ ᠦᠷ᠎ᠡ ᠶᠢ ᠭᠠᠳᠠᠭᠠᠳᠤ ᠠᠴᠠ ᠣᠷᠣᠭᠤᠯᠬᠤ ᠬᠡᠮᠵᠢᠶ᠎ᠡ ᠪᠠ ᠦᠨ᠎ᠡ ᠨᠢ ᠵᠡᠷᠭᠡᠪᠡᠷ ᠨᠡᠮᠡᠭᠳᠡᠬᠦ ᠰᠠᠶᠢᠨ ᠪᠠᠶᠢᠳᠠᠯ ᠢᠯᠡᠷᠡᠪᠡ᠃    
   ᠡᠷᠢᠶᠡᠨ ᠬᠤᠳᠠ ᠶᠢᠨ ᠾᠧᠦ ᠰᠢᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠭᠦᠢᠴᠡᠳᠬᠡᠬᠦ ᠬᠢᠵᠠᠭᠠᠷᠲᠤ ᠺᠣᠮᠫᠠᠨᠢ ᠶᠢᠨ ᠪᠣᠭᠤᠮᠲᠠ ᠳᠤ ᠮᠡᠳᠡᠭᠦᠯᠦᠭᠴᠢ ᠴᠢᠶᠣᠤ ᠬᠤᠩ᠄ ︽ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠵᠦ᠂ ᠤᠷᠢᠳᠴᠢᠯᠠᠨ ᠣᠷᠣᠯᠴᠠᠵᠤ ᠂ ᠨᠢᠭᠡ ᠨᠢᠭᠡ ᠪᠠᠷ ᠰᠢᠯᠢᠮᠳᠡᠭ ᠤᠨ ᠦᠷ᠎ᠡ ᠶᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ︿ᠭᠠᠭᠴᠠ ᠴᠣᠩᠬᠤᠪᠴᠢ﹀ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ ᠤᠨ ᠤᠭ ᠭᠠᠷᠤᠯᠲᠠ ᠶᠢᠨ ᠭᠠᠵᠠᠷ ᠤᠨ ᠦᠨᠡᠮᠯᠡᠯ ᠢ ᠮᠡᠳᠡᠭᠦᠯᠵᠦ᠂ ᠠᠵᠤ ᠠᠬᠤᠶᠢᠯᠠᠯ ᠢ ᠬᠠᠪᠰᠤᠷᠤᠨ ᠠᠮᠵᠢᠯᠲᠠ ᠲᠠᠢ ᠪᠠᠷ ᠡᠳ᠋ᠯᠡᠨ᠎ᠡ︔ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠲᠥᠪ ᠲᠤ ᠲᠤᠰᠬᠠᠢ ᠬᠥᠮᠦᠨ ᠲᠤᠰᠬᠠᠢ ᠠᠵᠢᠯ ᠤᠨ ᠪᠠᠶᠢᠷᠢ ᠲᠣᠬᠢᠷᠠᠭᠤᠯᠬᠤ ᠳᠠᠭᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠷᠠᠯᠵᠢᠶᠠᠨ ᠤ ᠬᠡᠯᠡᠯᠴᠡᠭᠡᠷ ᠤᠨ ᠲᠦᠷᠦᠯ ᠵᠦᠢᠯ ᠳᠤ ᠭᠤᠶᠤᠴᠢᠯᠠᠨ ᠮᠡᠳᠡᠭᠦᠯᠵᠦ᠂ ᠪᠢᠳᠡᠨ ᠳᠤ ᠮᠠᠰᠢ ᠠᠰᠢᠭ ᠬᠦᠷᠲᠡᠭᠡᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号