2023 ᠳᠤᠮᠳᠠᠳᠤ ᠤᠯᠤᠰ · ᠡᠷᠢᠶᠡᠨ ᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠬᠠᠴᠢᠨ ᠴᠢᠯᠠᠭᠤᠨ ᠤ ᠦᠵᠡᠰᠬᠦᠯᠡᠩ ᠬᠢᠭᠡᠳ ᠳᠤᠮᠳᠠᠳᠤ ᠤᠯᠤᠰ ᠤᠨ ᠭᠤᠷᠪᠠᠳᠤᠭᠠᠷ ᠬᠤᠭᠤᠴᠠᠭᠠᠨ ᠤ ᠮᠢᠬᠠᠨ ᠴᠢᠯᠠᠭᠤᠨ ᠤ ᠦᠵᠡᠰᠬᠦᠯᠡᠩ ᠤᠨ ᠴᠤᠭᠯᠠᠭᠠᠨ ᠡᠬᠢᠯᠡᠪᠡ
ᠨᠡᠶᠢᠲᠡᠯᠡᠭᠰᠡᠨ ᠴᠠᠭ᠄
2023/8/11
     8 ᠰᠠᠷ᠎ᠠ ᠶᠢᠨ 8 ᠤ ᠡᠳᠦᠷ᠂ 2023 ᠳᠤᠮᠳᠠᠳᠤ ᠤᠯᠤᠰ · ᠡᠷᠢᠶᠡᠨ ᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠬᠠᠴᠢᠨ ᠴᠢᠯᠠᠭᠤᠨ ᠤ ᠦᠵᠡᠰᠬᠦᠯᠡᠩ ᠬᠢᠭᠡᠳ ᠳᠤᠮᠳᠠᠳᠤ ᠤᠯᠤᠰ ᠤᠨ ᠭᠤᠷᠪᠠᠳᠤᠭᠠᠷ ᠬᠤᠭᠤᠴᠠᠭᠠᠨ ᠤ ᠮᠢᠬᠠᠨ ᠴᠢᠯᠠᠭᠤᠨ ᠤ ᠦᠵᠡᠰᠬᠦᠯᠡᠩ ᠤᠨ ᠴᠤᠭᠯᠠᠭᠠᠨ ᠨᠢ ᠬᠤᠲᠠ ᠶᠢᠨ ᠦᠨᠳᠦᠰᠦᠲᠡᠨ ᠤ ᠰᠣᠶᠣᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠳᠤ ᠡᠬᠢᠯᠡᠪᠡ᠃    ᠦᠵᠡᠰᠭᠦᠯᠡᠩ ᠳᠡᠭᠡᠷ᠎ᠡ᠂ ᠪᠦᠬᠦ ᠤᠯᠤᠰ ᠤᠨ ᠡᠯ᠎ᠡ ᠭᠠᠵᠠᠷ ᠠᠴᠠ ᠡᠯᠰᠡᠭᠰᠡᠨ ᠮᠢᠬᠠᠨ ᠤ ᠰᠢᠪᠬᠠᠷᠭ᠎ᠠ ᠴᠢᠯᠠᠭᠤ ᠭᠠᠶᠢᠬᠠᠯᠲᠠᠢ ᠬᠠᠷᠠᠭᠳᠠᠨ᠎ᠠ᠃ ᠤᠷᠠᠨ ᠨᠠᠷᠢᠯᠢᠭ ᠬᠢᠴᠡᠲᠡᠢ ᠪᠥᠭᠡᠳ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠲᠠᠢ ᠪᠠᠶᠢᠵᠤ᠂ ᠵᠦᠢᠯ ᠪᠦᠷᠢ ᠨᠢ ᠴᠥᠮ ᠥᠪᠡᠷᠮᠢᠴᠡ ᠣᠨᠴᠠᠯᠢᠭ ᠲᠠᠢ ᠪᠠᠶᠢᠵᠤ᠂ ᠴᠢᠯᠠᠭᠤ ᠰᠣᠨᠢᠷᠬᠠᠬᠤ᠂ ᠴᠢᠯᠠᠭᠤ ᠬᠠᠳᠠᠭᠠᠯᠠᠬᠤ ᠮᠠᠰᠢ ᠣᠯᠠᠨ ᠪᠠᠭ᠋ᠠᠲᠠᠳ ᠤᠨ ᠠᠩᠬᠠᠷᠤᠯ ᠢ ᠲᠠᠲᠠᠵᠠᠶ᠃    ᠣᠶᠢᠷ᠎ᠠ ᠶᠢᠨ ᠵᠢᠯ ᠤᠳ ᠲᠤ᠂ ᠪᠣᠭᠤᠮᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠬᠠᠴᠢᠨ ᠴᠢᠯᠠᠭᠤᠨ ᠤ ᠰᠣᠶᠣᠯ ᠠᠪᠤᠷᠭᠤ ᠭᠦᠷᠪᠡᠯ ᠤᠨ ᠰᠣᠶᠣᠯ᠂ ᠬᠢᠯᠢ ᠶᠢᠨ ᠪᠣᠭᠤᠮᠲᠠ ᠶᠢᠨ ᠰᠣᠶᠣᠯ᠂ ᠥᠷᠲᠡᠭᠡ ᠶᠢᠨ ᠰᠣᠶᠣᠯ ᠤᠨ ᠳᠠᠷᠠᠭᠠᠬᠢ ᠮᠠᠨ ᠤ ᠬᠤᠲᠠ ᠶᠢᠨ ᠡᠭᠦᠳᠦᠭᠰᠡᠨ ᠪᠠᠰᠠ ᠨᠢᠭᠡᠨ ᠲᠣᠮᠣ ᠣᠨᠴᠠᠯᠢᠭᠲᠤ ᠰᠣᠶᠣᠯ ᠤᠨ ᠨᠠᠷᠠᠲᠤ ᠲᠡᠮᠳᠡᠭ ᠪᠣᠯᠤᠭᠰᠠᠨ ᠪᠠᠶᠢᠨ᠎ᠠ᠃ ᠳᠤᠮᠳᠠᠳᠤ ᠮᠣᠩᠭᠤᠯ ᠤᠨ ᠬᠠᠴᠢᠨ ᠴᠢᠯᠠᠭᠤᠨ ᠤ ᠦᠵᠡᠰᠬᠦᠯᠡᠩ ᠵᠢᠴᠢ ᠮᠢᠬᠠᠨ ᠤ ᠬᠡᠯᠪᠡᠷᠢ ᠶᠢᠨ ᠴᠢᠯᠠᠭᠤᠨ ᠤ ᠦᠵᠡᠰᠬᠦᠯᠡᠩ ᠤᠨ ᠴᠤᠭᠯᠠᠭᠠᠨ ᠢ ᠠᠮᠵᠢᠯᠲᠠ ᠲᠠᠢ ᠡᠷᠬᠢᠯᠡᠵᠦ᠂ ᠮᠠᠰᠢ ᠤᠯᠠᠨ ᠬᠠᠴᠢᠨ ᠴᠢᠯᠠᠭᠤᠨ ᠤ ᠪᠠᠭ᠋ᠠᠲᠠᠨ᠂ ᠬᠤᠷᠢᠶᠠᠨ ᠬᠠᠳᠠᠭᠠᠯᠠᠭᠴᠢ ᠶᠢᠨ ᠬᠦᠷᠦᠯᠴᠡᠨ ᠢᠷᠡᠵᠦ ᠰᠣᠯᠢᠯᠴᠠᠭ᠎ᠠ ᠪᠠ ᠰᠣᠨᠢᠷᠬᠠᠯ ᠢ ᠲᠠᠲᠠᠬᠤ ᠶᠢᠨ ᠬᠠᠮᠲᠤ ᠳᠤᠮᠳᠠᠳᠤ ᠮᠣᠩᠭᠤᠯ ᠬᠤᠶᠠᠷ ᠤᠯᠤᠰ ᠤᠨ ᠤᠯᠠᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠲᠠᠪᠴᠠᠩ ᠪᠠᠶᠢᠭᠤᠯᠵᠤ ᠥᠭᠴᠡᠢ᠃    ᠲᠣᠰ ᠬᠤᠭᠤᠴᠠᠭᠠᠨ ᠤ ᠦᠵᠡᠰᠬᠦᠯᠡᠩ ᠤᠨ ᠴᠤᠭᠯᠠᠭᠠᠨ ᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠡᠷᠢᠶᠡᠨ ᠬᠤᠲᠠ ᠶᠢᠨ ᠦᠵᠡᠮᠦᠷᠢ ᠶᠢᠨ ᠴᠢᠯᠠᠭᠤᠨ ᠤ ᠨᠡᠶᠢᠭᠡᠮᠯᠢᠭ ᠠᠴᠠ ᠳᠠᠭᠠᠭᠠᠨ ᠡᠷᠭᠢᠯᠡᠵᠦ᠂ 10 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号