ᠴᠣᠭᠵᠢᠯ ᠪᠦᠯᠬᠦᠮ ᠢᠶᠠᠨ ᠳᠠᠭᠠᠭᠤᠯᠤᠨ ᠡᠷᠢᠶᠡᠨ ᠳᠤ ᠰᠠᠭᠤᠭ᠎ᠠ  ᠴᠡᠷᠢᠭ ᠠᠩᠭᠢ᠂ ᠠᠰᠠᠷᠠᠨ ᠬᠠᠷᠠᠭᠠᠯᠵᠠᠬᠤ ᠡᠲᠡᠭᠡᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2023/8/2
   ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠪᠦᠯᠬᠦᠮ ᠢᠶᠠᠨ ᠳᠠᠭᠠᠭᠤᠯᠤᠨ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠠᠰᠠᠷᠠᠨ ᠬᠠᠷᠠᠭᠠᠯᠵᠠᠬᠤ ᠡᠲᠡᠭᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠣᠬᠤᠨᠢᠭᠤᠯᠬᠤ ᠪᠣᠳᠠᠰ᠂ ᠲᠣᠬᠤᠨᠢᠭᠤᠯᠬᠤ ᠮᠥᠩᠭᠦ ᠬᠦᠷᠭᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠺᠠᠢ ᠳ᠋ᠦᠩ ᠬᠠᠮᠲᠤ ᠲᠣᠬᠤᠨᠢᠭᠤᠯᠪᠠ᠃
   ᠴᠣᠭᠵᠢᠯ ᠥᠷᠭᠡᠨ ᠣᠯᠠᠨ ᠳᠠᠷᠤᠭ᠎ᠠ ᠪᠠᠶᠢᠯᠳᠤᠭᠴᠢᠳ ᠲᠤ ᠡᠷᠬᠢᠮ ᠳᠡᠭᠡᠳᠦ ᠬᠦᠨᠳᠦᠳᠬᠡᠯ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ᠂ ᠲᠡᠳᠡᠨ ᠤ ᠪᠣᠭᠤᠮᠲᠠ ᠶᠢᠨ ᠠᠷᠠᠳ ᠣᠯᠠᠨ ᠤ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ ᠭᠠᠷᠭᠠᠭᠰᠠᠨ ᠰᠢᠷᠭᠠᠭᠤ ᠬᠥᠳᠡᠯᠮᠦᠷᠢ ᠪᠠ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠣᠯᠠᠨ ᠢ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ ᠶᠢ ᠦᠷᠭᠦᠯᠵᠢᠯᠡᠨ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ᠂ ᠴᠡᠷᠢᠭ ᠤᠨ ᠶᠠᠪᠤᠳᠠᠯ ᠤᠨ ᠬᠡᠪ ᠴᠢᠨᠠᠷ ᠪᠠ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠤᠨ ᠵᠢᠯᠣᠭᠤᠳᠣᠯᠭ᠎ᠠ ᠶᠢ ᠳᠠᠭᠠᠬᠤ᠂ ᠢᠯᠠᠭᠤᠭᠰᠠᠨ ᠲᠡᠶᠢᠨ ᠬᠢᠵᠦ ᠴᠢᠳᠠᠬᠤ᠂ ᠣᠪᠣᠷ ᠰᠤᠷᠲᠠᠯ ᠰᠢᠯᠢᠳᠡᠭ ᠰᠠᠶᠢᠨ ᠣᠳᠣᠬᠢᠴᠢᠯᠠᠭᠰᠠᠨ ᠡᠩᠨᠡᠭᠡ ᠶᠢ ᠪᠠᠶᠢᠭᠤᠯᠵᠤ᠂ ᠪᠣᠭᠤᠮᠲᠠ ᠶᠢᠨ ᠠᠵᠤ ᠠᠬᠤᠶ ᠨᠡᠶᠢᠭᠡᠮ ᠤᠨ ᠪᠠᠶᠢᠭᠤᠯᠤᠯᠲᠠ ᠶᠢ ᠳᠡᠮᠵᠢᠬᠦ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠵᠣᠷᠢᠭᠵᠢᠭᠤᠯᠪᠠ᠃
    ᠴᠣᠭᠵᠢᠯ ᠠᠰᠠᠷᠠᠨ ᠬᠠᠷᠠᠭᠠᠯᠵᠠᠬᠤ ᠡᠲᠡᠭᠡᠳ ᠸᠠᠩ ᠵᠢᠶᠠᠨ ᠵᠢᠶᠦ᠋ᠨ ᠤ ᠬᠡᠷ ᠲᠤ ᠬᠦᠷᠴᠦ᠂ ᠲᠡᠭᠦᠨ ᠤ ᠠᠮᠢᠳᠤᠷᠠᠯ᠂ ᠪᠡᠶ᠎ᠡ ᠮᠠᠬᠠᠪᠣᠳ ᠤᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠣᠬᠤᠨᠢᠭᠤᠯᠬᠤ ᠮᠥᠩᠭᠦ ᠬᠦᠷᠭᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠠᠰᠠᠷᠠᠨ ᠬᠠᠷᠠᠭᠠᠯᠵᠠᠬᠤ ᠡᠲᠡᠭᠡᠳ ᠤᠨ ᠰᠡᠳᠬᠢᠯ ᠳᠤ ᠬᠦᠷᠭᠡᠪᠡ᠃
   ᠴᠣᠭᠵᠢᠯ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠰᠠᠷᠠᠨ ᠬᠠᠷᠠᠭᠠᠯᠵᠠᠬᠤ ᠡᠲᠡᠭᠡᠳ ᠤᠨ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠢᠯᠡᠭᠦᠬᠡᠨ ᠬᠠᠯᠠᠮᠵᠢᠯᠠᠨ ᠠᠩᠬᠠᠷᠴᠤ᠂ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠲᠡᠳᠡᠨ ᠳᠤ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠡᠳᠬᠢᠯ ᠳᠡᠯᠪᠢᠨ ᠬᠦᠴᠦ ᠳᠡᠯᠪᠢᠨ ᠰᠢᠢᠳᠪᠦᠷᠢᠯᠡᠵᠦ᠂ ᠡᠳᠦᠷ ᠲᠤᠲᠤᠮ ᠤᠨ ᠬᠠᠯᠠᠮᠵᠢᠯᠠᠬᠤ ᠂ ᠦᠢᠯᠡᠴᠢᠯᠡᠬᠦ ᠪᠠᠷ ᠰᠡᠳᠬᠢᠯ ᠬᠤᠯᠪᠣᠵᠤ᠂ ᠲᠥᠷᠥ ᠶᠢᠨ ᠪᠣᠳᠣᠯᠭ᠎ᠠ ᠪᠠᠷ ᠰᠡᠳᠬᠢᠯ ᠢ ᠳᠤᠯᠠᠭᠠᠴᠠᠭᠤᠯᠬᠤ ᠬᠡᠷᠡᠭᠲᠡᠶ ᠵᠢᠭᠠᠪᠣᠷᠢᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号