| | 8 ᠰᠠᠷ᠎ᠠ ᠶᠢᠨ 1 ᠤ ᠡᠳᠦᠷ᠂ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠶᠢᠨ ᠲᠠᠰᠢᠷᠠᠮ ᠢᠶᠠᠷ᠂ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠢᠯᠢ ᠶᠢᠨ | ᠬᠠᠮᠠᠭᠠᠯᠠᠯᠲᠠ ᠶᠢᠨ ᠨᠢᠭᠡᠨ ᠴᠡᠷᠢᠭ ᠠᠩᠬᠢ᠂ ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠠᠩᠬᠢ ᠪᠣᠯᠤᠨ ᠴᠡᠷᠢᠭ ᠠᠴᠠ | ᠬᠠᠯᠠᠭᠳᠠᠭᠰᠠᠨ ᠺᠠᠳ᠋ᠷ ᠤᠨ ᠭᠡᠷ ᠲᠤ ᠬᠦᠷᠴᠦ ᠲᠣᠬᠤᠨᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠥᠯᠥᠭᠡᠯᠡᠨ ᠡᠷᠢᠶᠡᠨ ᠳᠤ ᠰᠠᠭᠤᠭ᠎ᠠ ᠭᠠᠵᠠᠷ ᠤᠨ ᠴᠡᠷᠢᠭ ᠠᠩᠬᠢ ᠶᠢᠨ ᠪᠦᠬᠦ ᠳᠠᠷᠤᠭ᠎ᠠ ᠪᠠᠶᠢᠯᠳᠤᠭᠴᠢᠳ ᠲᠤ ᠪᠠᠶᠠᠷ ᠤᠨ | ᠡᠳᠦᠷ ᠤᠨ ᠮᠡᠨᠳᠦᠴᠢᠯᠡᠯ ᠬᠦᠷᠭᠡᠵᠦ᠂ ᠴᠡᠷᠢᠭ ᠠᠴᠠ ᠬᠠᠯᠠᠭᠳᠠᠭᠰᠠᠳ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ | ᠢᠯᠡᠳᠬᠡᠪᠡ᠃ | | | ᠬᠢᠯᠢ ᠶᠢᠨ ᠬᠠᠮᠠᠭᠠᠯᠠᠯᠲᠠ ᠶᠢᠨ ᠨᠢᠭᠡᠨ ᠴᠡᠷᠢᠭ ᠠᠩᠭᠢ ᠪᠣᠯᠤᠨ ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠠᠩᠭᠢ ᠳᠤ᠂ | ᠸᠠᠩ ᠰᠠᠨ ᠱᠢ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ ᠪᠣᠯᠤᠨ ᠠᠮᠢᠳᠤᠷᠠᠯ ᠤᠨ ᠲᠠᠯᠠᠪᠤᠷ ᠢᠶᠠᠷ ᠲᠣᠭᠤᠷᠢᠨ ᠦᠵᠡᠭᠰᠡᠨ | ᠪᠥᠭᠡᠳ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ | ᠪᠣᠯᠤᠨ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠤᠷᠳᠤ ᠬᠤᠭᠤᠴᠠᠭᠠᠨ ᠤ ᠲᠤᠷᠰᠢ᠂ ᠰᠠᠭᠤᠭ᠎ᠠ ᠭᠠᠵᠠᠷ ᠤᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ ᠣᠷᠣᠯᠴᠠᠬᠤ | ᠂ ᠴᠡᠷᠢᠭ ᠠᠷᠠᠳ ᠬᠠᠮᠲᠤ ᠪᠠᠷ ᠪᠠᠶᠢᠭᠤᠯᠬᠤ ᠳᠤᠮᠳᠠ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ | ᠪᠣᠭᠤᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ᠂ ᠬᠢᠯᠢ ᠬᠢᠵᠠᠭᠠᠷ ᠤᠨ ᠠᠮᠤᠷ ᠲᠣᠭᠲᠠᠭᠤᠨ | ᠲᠣᠭᠲᠠᠭᠤᠨ ᠢ ᠬᠠᠮᠠᠭᠠᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ | ᠰᠢᠨ᠎ᠡ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠵᠤ᠂ ᠲᠠᠬᠢᠨ ᠰᠢᠨ᠎ᠡ ᠭᠠᠪᠢᠶ᠎ᠠ ᠪᠠᠶᠢᠭᠤᠯᠵᠤ᠂ ᠨᠠᠮ ᠪᠣᠯᠤᠨ ᠠᠷᠠᠳ | ᠲᠦᠮᠡᠨ ᠤ ᠬᠢᠯᠢ ᠬᠢᠵᠠᠭᠠᠷ ᠢ ᠰᠠᠶᠢᠲᠤᠷ ᠰᠠᠬᠢᠵᠤ᠂ ᠰᠡᠷᠭᠡᠶᠢᠯᠡᠯᠲᠡ ᠶᠢ ᠰᠠᠶᠢᠲᠤᠷ ᠪᠠᠬᠢᠵᠢᠭᠦᠯᠵᠦ᠂ ᠪᠣᠭᠤᠮᠲᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ | ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠴᠡᠷᠢᠭ ᠢᠶᠠᠨ ᠬᠦᠷᠢᠶᠡᠯᠡᠬᠦ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ | ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠦᠭᠡᠢ ᠪᠠᠬᠢᠵᠢᠭᠦᠯᠵᠦ᠂ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠶᠠᠷ ᠢ ᠬᠦᠷᠢᠶᠡᠯᠡᠬᠦ | ᠠᠵᠢᠯ ᠤᠨ ᠶᠠᠰᠤ ᠴᠢᠨᠠᠷ ᠪᠣᠯᠤᠨ ᠲᠦᠪᠰᠢᠨ ᠢᠶᠠᠨ ᠪᠦᠲᠦᠮᠵᠢᠲᠡᠢ ᠳᠡᠭᠡᠭᠰᠢᠯᠡᠭᠦᠯᠵᠦ᠂ ᠴᠡᠷᠢᠭ ᠠᠷᠠᠳ ᠤᠨ ᠭᠦᠨᠵᠡᠭᠡᠢ | ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤ ᠶᠢᠨ ᠬᠥᠭᠵᠢᠯᠲᠡ ᠶᠢ | ᠠᠬᠢᠭᠤᠯᠤᠨ᠎ᠠ᠃ | | | ᠴᠡᠷᠢᠭ ᠠᠴᠠ ᠠᠮᠠᠷᠠᠭᠰᠠᠨ ᠺᠠᠳ᠋ᠷ ᠸᠠᠩ ᠰᠢᠶᠠᠨ ᠴᠧᠩ ᠤᠨ ᠭᠡᠷ ᠲᠤ᠂ ᠸᠠᠩ ᠰᠠᠨ ᠱᠢ ᠨᠠᠰᠤᠲᠠᠨ ᠤ ᠪᠡᠶ᠎ᠡ ᠶᠢᠨ ᠪᠠᠶᠢᠳᠠᠯ | ᠪᠣᠯᠤᠨ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠯᠠᠪᠯᠠᠨ ᠠᠰᠠᠭᠤᠪᠠ᠃ ᠲᠡᠷᠡ᠂ ᠴᠡᠷᠢᠭ ᠠᠴᠠ ᠠᠮᠠᠷᠠᠭᠰᠠᠨ ᠺᠠᠳ᠋ᠷ ᠪᠣᠯ | ᠮᠠᠨ ᠤ ᠡᠷᠬᠢᠮ ᠨᠠᠨᠳᠢᠨ ᠥᠪ ᠬᠥᠷᠥᠩᠭᠡ ᠮᠥᠨ᠂ ᠬᠤᠪᠢᠰᠬᠠᠯ ᠤᠨ ᠦᠢᠯᠡᠰ ᠲᠤ ᠭᠠᠪᠢᠶ᠎ᠠ ᠵᠢᠳᠬᠦᠯ ᠪᠠᠶᠢᠭᠤᠯᠵᠤ᠂ ᠡᠩᠬᠡ | ᠲᠠᠶᠢᠪᠤᠩ ᠴᠠᠭ ᠦᠶ᠎ᠡ ᠳᠤ ᠪᠠᠰᠠ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ | ᠦᠵᠡᠭᠦᠯᠵᠡᠢ᠂ ᠪᠢᠳᠡ ᠲᠡᠳᠡᠨ ᠤ ᠰᠢᠷᠭᠠᠭᠤ ᠴᠢᠷᠮᠠᠶᠢᠯᠭ᠎ᠠ ᠪᠠ ᠬᠠᠷᠠᠮ ᠦᠭᠡᠢ ᠬᠤᠪᠢ ᠨᠡᠮᠡᠷᠢ ᠶᠢ ᠮᠠᠷᠲᠠᠵᠤ ᠪᠣᠯᠬᠤ ᠦᠭᠡᠢ᠃ | ᠲᠡᠷᠡ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤ ᠴᠡᠷᠢᠭ ᠠᠴᠠ ᠠᠮᠠᠷᠠᠭᠰᠠᠨ ᠺᠠᠳ᠋ᠷᠴᠤᠳ ᠤᠨ | ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ ᠰᠠᠶᠢᠲᠤᠷ ᠬᠢᠵᠦ᠂ ᠨᠡᠶᠢᠭᠡᠮ | ᠳᠠᠶᠠᠭᠠᠷ ᠲᠤ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠴᠡᠷᠢᠭ ᠠᠩᠭᠢ ᠶᠢ ᠳᠡᠮᠵᠢᠬᠦ᠂ ᠴᠡᠷᠢᠭ ᠢ | ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠠᠬᠢᠪᠠ᠃ | |