| | ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠳᠤᠭᠤᠶᠢᠯᠠᠩ | ᠳᠠᠭᠠᠭᠤᠯᠤᠨ ᠬᠤᠳᠠ ᠳᠤ ᠰᠠᠭᠤᠭ᠎ᠠ ᠨᠢᠭᠡᠨ ᠠᠩᠬᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠵᠡᠮᠳᠡᠭ | ᠴᠡᠷᠢᠭ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠣᠯᠤᠨ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠪᠡ᠃ ᠬᠤᠲᠠ ᠶᠢᠨ ᠤᠳᠤᠷᠢᠳᠤᠯᠭ᠎ᠠ ᠵᠠᠩ ᠶᠢᠩ ᠵᠢᠶᠧ᠂ ᠳ᠋ᠦᠩ ᠵᠢᠶᠧ ᠹᠧᠩ᠂ ᠢᠦᠢ ᠬᠤᠩ ᠯᠢ ᠬᠠᠮᠲᠤ ᠪᠠᠷ | ᠲᠣᠬᠤᠨᠢᠭᠤᠯᠪᠠ᠃ | | | ᠬᠤᠳᠠ ᠳᠤ ᠰᠠᠭᠤᠭ᠎ᠠ ᠨᠢᠭᠡᠨ ᠰᠤᠮᠤᠨ ᠠᠩᠬᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ᠂ ᠶᠠᠨ ᠬᠤᠩ | ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ᠂ ᠴᠡᠷᠢᠭ | ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠤᠷᠭᠠᠨ ᠬᠥᠮᠦᠵᠢᠯ ᠵᠡᠷᠭᠡ ᠪᠠᠶᠢᠳᠠᠯ ᠢ ᠨᠠᠷᠢᠨ ᠠᠰᠠᠭᠤᠬᠤ ᠶᠢᠨ ᠬᠠᠮᠲᠤ ᠳᠠᠷᠤᠭ᠎ᠠ ᠪᠠᠶᠢᠯᠳᠤᠭᠴᠢᠳ ᠤᠨ | ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ | ᠪᠠᠬᠢᠵᠢᠭᠦᠯᠬᠦ ᠵᠡᠷᠭᠡ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠯ᠎ᠡ | ᠰᠠᠯᠠᠭ᠎ᠠ ᠮᠥᠴᠢᠷ ᠤᠨ ᠬᠢᠨ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠢᠯᠢᠳᠡᠭ | ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠲᠤ ᠰᠠᠶᠢᠨ ᠶᠠᠪᠤᠳᠠᠯ᠂ | ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠢᠢᠳᠪᠦᠷᠢᠯᠡᠵᠦ᠂ | ᠴᠡᠷᠢᠭ ᠠᠷᠠᠳ ᠤᠨ ᠵᠢᠭᠠᠰᠤ ᠤᠰᠤᠨ ᠤ ᠪᠠᠶᠢᠳᠠᠯ ᠢ ᠦᠨᠡᠨ ᠬᠦ ᠭᠦᠨᠵᠡᠭᠡᠶᠢᠷᠡᠭᠦᠯᠵᠦ᠂ ᠴᠡᠷᠢᠭ ᠠᠷᠠᠳ ᠰᠡᠳᠬᠢᠯ ᠨᠢᠭᠡᠳᠦᠨ | ᠦᠢᠯᠡᠴᠢᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | ᠵᠡᠮᠳᠡᠭ ᠴᠡᠷᠢᠭ ᠯᠢᠦ ᠵᠧᠩ ᠤᠨ ᠭᠡᠷ ᠲᠤ᠂ ᠶᠠᠨ ᠬᠤᠩ ᠲᠡᠭᠦᠨ ᠤ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ | ᠲᠡᠭᠦᠨ ᠤ ᠴᠡᠷᠢᠭ ᠤᠨ ᠠᠮᠢᠳᠤᠷᠠᠯ ᠪᠣᠯᠤᠨ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭᠠᠬᠢ ᠠᠵᠢᠯ᠂ ᠠᠮᠢᠳᠤᠷᠠᠯ ᠤᠨ | ᠪᠠᠶᠢᠳᠠᠯ ᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠤ ᠤᠯᠤᠰ ᠪᠣᠯᠤᠨ ᠨᠡᠶᠢᠭᠡᠮ ᠳᠤ ᠦᠵᠡᠭᠦᠯᠦᠭᠰᠡᠨ ᠬᠤᠪᠢ ᠨᠡᠮᠡᠷᠢ ᠳᠤ | ᠴᠢᠩ ᠰᠡᠳᠬᠢᠯ ᠠᠴᠠ ᠪᠠᠨ ᠲᠠᠯᠠᠷᠬᠠᠬᠤ ᠶᠢᠨ ᠬᠠᠮᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠡᠢ᠃ ᠡᠭᠦᠨ ᠤ ᠬᠠᠮᠲᠤ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠂ ᠬᠠᠷᠢᠭᠤᠴᠠᠯᠭ᠎ᠠ ᠲᠠᠢ᠂ ᠬᠠᠶᠢᠷ᠎ᠠ ᠰᠡᠳᠬᠢᠯᠭᠡ ᠲᠠᠢ ᠪᠠᠷ ᠴᠡᠷᠢᠭ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠢᠯᠡᠭᠦᠬᠡᠨ ᠠᠶᠢᠯᠴᠢᠯᠠᠨ ᠬᠠᠷᠢᠯᠴᠠᠵᠤ᠂ ᠦᠷᠭᠦᠯᠵᠢ | ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ | ᠢᠷᠠᠭᠤ ᠠᠯᠳᠠᠷᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠢᠷᠠᠭᠤ ᠠᠯᠳᠠᠷ ᠤᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠵᠦ ᠵᠠᠬᠢᠪᠠ᠃ | | | | | | |