【 ᠭᠤᠣᠯᠳᠠᠯᠭ᠎ᠠ ᠲᠠᠢ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠎ᠡ 】 ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠲᠠᠯᠠᠪᠠᠢ ᠤᠳᠠᠯ ᠦᠭᠡᠢ ᠠᠰᠢᠭᠯᠠᠯᠲᠠ ᠳᠤ ᠣᠷᠣᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/8/23
  ᠣᠳᠣᠬᠠᠨ ᠳᠤ᠂ ᠮᠠᠨ ᠤ ᠬᠤᠲᠠ ᠶᠢᠨ ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠲᠠᠯᠠᠪᠠᠶ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠳᠠᠭᠤᠰᠬᠠᠵᠤ᠂ ᠤᠳᠠᠯ ᠥᠬᠡᠶ ᠠᠰᠢᠭᠯᠠᠯᠲᠠ ᠳᠤ ᠣᠷᠣᠭᠤᠯᠬᠤ ᠭᠡᠵᠦ ᠪᠠᠶᠢᠨ᠎ᠠ᠃
  ᠮᠧᠩ ᠴᠧᠩ ᠲᠠᠷᠢᠶᠠᠯᠠᠩ ᠤᠨ ᠪᠦᠲᠦᠭᠡᠭᠳᠡᠬᠦᠨ ᠤ ᠠᠮᠢᠳᠤᠷᠠᠯ ᠤᠨ ᠠᠭᠤᠳᠠᠮ ᠲᠠᠯᠠᠪᠠᠢ ᠢᠦᠢ ᠼᠠᠢ ᠵᠠᠮ ᠤᠨ ᠪᠠᠷᠠᠭᠤᠨᠳᠡᠬᠢ᠂ ᠪᠠᠶᠢᠭᠠᠯ ᠵᠡᠭᠡᠯᠢ ᠶᠢᠨ ᠬᠤᠶᠢᠨ᠎ᠠ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1.15 ᠳ᠋ᠦᠩᠰᠢᠭᠤᠷ ᠲᠥᠭᠦᠷᠢᠭ ᠲᠤ ᠬᠦᠷᠴᠡᠢ᠃ ᠲᠥᠷᠥᠯ ᠵᠦᠢᠯ ᠤᠨ ᠰᠢᠨ᠎ᠡ ᠪᠠᠷ ᠪᠠᠶᠢᠭᠤᠯᠤᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠬᠤᠶᠠᠷ ᠪᠠᠶᠢᠵᠤ᠂ ᠰᠠᠭᠤᠷᠢ ᠪᠦᠷᠢ ᠶᠢᠨ ᠪᠠᠷᠢᠯᠭ᠎ᠠ ᠶᠢᠨ ᠲᠠᠯᠠᠪᠠᠶ ᠨᠢ 1.5 ᠲᠦᠮᠡᠨ ᠲᠡᠭᠰᠢ ᠳᠥᠷᠪᠡᠯᠵᠢᠨ  ᠮᠧᠲᠷ ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠃    ᠣᠳᠣᠬᠠᠨ ᠳᠤ ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠲᠠᠯᠠᠪᠠᠶ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠵᠠᠬ᠎ᠠ ᠳᠡᠯᠭᠡᠭᠦᠷ ᠢ ᠨᠢᠭᠡᠨᠲᠡ ᠪᠦᠬᠦᠨ ᠢ ᠳᠠᠭᠤᠰᠬᠠᠵᠤ᠂ ᠨᠢᠭᠡᠳᠦᠭᠡᠷ ᠳᠠᠪᠬᠤᠷᠭ᠎ᠠ ᠨᠢ ᠴᠢᠯᠦᠭᠡᠳᠦ ᠳᠡᠯᠭᠡᠭᠦᠷ ᠪᠠᠶᠢᠵᠤ᠂ ᠬᠤᠶᠠᠳᠤᠭᠠᠷ ᠳᠠᠪᠬᠤᠷᠭ᠎ᠠ ᠨᠢ ᠢᠳᠡᠭᠡᠨ ᠤᠮᠳᠠᠭᠠᠨ ᠵᠤᠭ᠎ᠠ ᠴᠡᠩᠭᠡᠯ ᠤᠨ ᠣᠷᠣᠨ ᠪᠠᠶᠢᠵᠤ᠂ ᠭᠠᠵᠠᠷ ᠳᠣᠤᠷᠠᠬᠢ ᠨᠢᠭᠡᠳᠦᠭᠡᠷ ᠳᠠᠪᠬᠤᠷᠭ᠎ᠠ ᠨᠢ ᠲᠣᠭᠲᠠᠮᠠᠯ ᠳᠤᠯᠠᠭᠠᠨ ᠤ ᠰᠢᠨ᠎ᠡ ᠰᠣᠷᠭᠤᠭ ᠪᠠᠶᠢᠯᠭᠠᠬᠤ ᠬᠥᠮᠥᠷᠭᠡ᠂ ᠬᠦᠢᠲᠡᠨ ᠬᠠᠳᠠᠭᠠᠯᠠᠬᠤ ᠬᠥᠮᠥᠷᠭᠡ᠂ ᠲᠦᠷᠭᠡᠨ ᠬᠥᠯᠳᠡᠭᠡᠬᠦ ᠬᠥᠮᠥᠷᠭᠡ ᠪᠣᠯᠤᠨ᠎ᠠ᠃
   ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠲᠠᠯᠠᠪᠠᠶ ᠶᠢᠨ ᠠᠵᠢᠯᠲᠠᠨ ᠹᠦ᠋ ᠭᠦᠸᠧ ᠮᠢᠨ ᠲᠠᠨᠢᠯᠴᠠᠭᠤᠯᠬᠤ ᠳᠠᠭᠠᠨ᠄ ︽ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠠᠭᠤᠳᠠᠮ ᠲᠠᠯᠠᠪᠠᠶ ᠪᠣᠯ ᠮᠠᠨ ᠤ ᠬᠤᠲᠠ ᠶᠢᠨ ᠠᠩᠬᠠᠳᠠᠭᠴᠢ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠬᠦ᠂ ᠵᠤᠭ᠎ᠠ ᠴᠡᠩᠭᠡᠯ᠂ ᠢᠳᠡᠭᠡᠨ ᠤᠮᠳᠠᠭᠠᠨ ᠢ ᠨᠢᠭᠡ ᠴᠤᠭᠴᠠᠵᠢᠭᠤᠯᠤᠭᠰᠠᠨ ᠲᠣᠮᠣ ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠣᠯᠤᠨ᠎ᠠ᠃ ᠣᠳᠣᠬᠠᠨ ᠳᠤ᠂ ᠶᠠᠭ ᠪᠠᠴᠢᠮ ᠶᠠᠭᠠᠷᠠᠯᠲᠠᠢ ᠪᠡᠯᠡᠳᠬᠡᠯ ᠠᠵᠢᠯ ᠤᠨ ᠳᠤᠮᠳᠠ᠂ ᠣᠲᠣ ᠨᠢᠭᠡᠨᠲᠡ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠱᠠᠲᠤᠨ ᠳᠤ ᠣᠷᠣᠵᠤ᠂ ᠣᠲᠣ ᠶᠠᠭ ᠨᠡᠶᠢᠭᠡᠮ ᠳᠤ ᠬᠠᠨᠳᠤᠭᠤᠯᠤᠨ ᠬᠤᠳᠠᠯᠳᠤᠭᠠᠴᠢᠨ ᠤᠷᠢᠵᠤ᠂ ᠤᠷᠢᠵᠤ ᠬᠡᠷᠡᠭᠯᠡᠵᠦ ᠪᠠᠶᠢᠨ᠎ᠠ᠃ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠠᠵᠢᠯ ᠡᠬᠢᠯᠡᠭᠦᠯᠬᠦ ᠪᠠᠷ ᠵᠢᠱᠢᠪᠡᠯ᠂ ᠬᠤᠲᠠ ᠶᠢᠨ ᠠᠷᠠᠳ ᠤᠨ ᠣᠯᠠᠨ ᠡᠰᠢᠵᠢᠭᠰᠡᠨ ᠠᠮᠢᠳᠤᠷᠠᠯ ᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠮᠠᠨ ᠤ ᠬᠤᠲᠠ ᠶᠢᠨ ᠬᠡᠷᠡᠭᠯᠡᠭᠡ ᠶᠢ ᠲᠠᠰ ᠳᠡᠪᠰᠢᠭᠦᠯᠬᠦ ᠰᠢᠨ᠎ᠡ ᠭᠠᠵᠠᠷ ᠤᠨ ᠲᠡᠮᠳᠡᠭ ᠢ ᠪᠣᠶ ᠪᠣᠯᠭᠠᠨ᠎ᠠ᠃︾    ᠮᠧᠩ ᠴᠧᠩ ᠲᠠᠷᠢᠶᠠᠯᠠᠩ ᠤᠨ ᠠᠷᠠᠯᠵᠢᠶᠠᠨ ᠤ ᠠᠮᠢᠳᠤᠷᠠᠯ ᠤᠨ ᠲᠠᠯᠠᠪᠠᠶ ᠶᠢᠨ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠤ ᠨᠢᠭᠡᠳᠦᠭᠡᠷ ᠵᠠᠬ᠎ᠠ ᠳᠡᠯᠭᠡᠭᠦᠷ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 350 ᠬᠥᠮᠦᠨ - 450 ᠬᠥᠮᠦᠨ ᠤ ᠠᠵᠢᠯ ᠤᠨ ᠪᠠᠶᠢᠷᠢ ᠬᠠᠩᠭᠠᠵᠤ᠂ ᠣᠳᠣᠬᠠᠨ ᠤ ᠮᠠᠨ ᠤ ᠬᠤᠲᠠ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠷᠢᠮᠵᠢᠶᠠᠵᠢᠭᠤᠯᠤᠯᠲᠠ ᠶᠢᠨ ᠨᠠᠷᠢᠨ ᠬᠤᠪᠢᠶᠠᠷᠢᠯᠠᠭᠰᠠᠨ ᠬᠤᠭᠤᠰᠣᠨ ᠢ ᠨᠥᠬᠦᠪᠥᠷᠢᠯᠡᠵᠦ᠂ ᠬᠤᠲᠠ ᠶᠢᠨ ᠠᠷᠠᠳ ᠲᠤ ᠨᠠᠩ ᠣᠯᠠᠨ ᠪᠠᠷᠠᠭ᠎ᠠ ᠬᠤᠳᠠᠯᠳᠤᠨ ᠠᠪᠬᠤ ᠳᠤ ᠲᠥᠬᠦᠮ ᠦᠵᠡᠭᠦᠯᠵᠦ᠂ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ ᠪᠣᠯᠤᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号