【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠷᠢᠶᠡᠨ ᠬᠤᠲᠠ᠄ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/8/23
    ᠤᠯᠠᠨ ᠵᠢᠯ ᠤᠨ ᠲᠤᠷᠰᠢ᠂ ᠮᠠᠨ ᠤ ᠬᠤᠲᠠ ᠴᠦᠯᠯᠡᠷᠭᠡᠭᠵᠢᠯ ᠢ ᠵᠠᠰᠠᠬᠤ᠂ ᠨᠡᠭᠦᠷᠡᠰᠦᠲᠥ᠋ᠷᠥᠭᠴᠢ ᠶᠢ ᠪᠠᠭᠠᠰᠬᠠᠨ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠳᠡᠭᠡᠷ᠎ᠡ ᠲᠠᠰᠤᠷᠠᠯᠲᠠ ᠦᠭᠡᠢ ᠬᠦᠴᠦ ᠲᠠᠯᠪᠢᠵᠤ᠂ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠲᠦᠷᠭᠡᠳᠬᠡᠵᠦ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃
    ᠮᠠᠨ ᠤ ᠬᠤᠲᠠ ᠪᠣᠯ ᠤᠰᠤ ᠳᠤᠲᠠᠭᠳᠠᠵᠤ ᠪᠠᠶᠢᠭ᠎ᠠ ᠨᠡᠶᠢᠲᠡᠯᠢᠭ ᠭᠠᠵᠠᠷ ᠣᠷᠣᠨ ᠳᠤ ᠬᠠᠷᠢᠶᠠᠯᠠᠭᠳᠠᠵᠤ᠂ ᠭᠠᠵᠠᠷ ᠳᠡᠭᠡᠷ᠎ᠡ ᠭᠤᠣᠯ ᠮᠥᠷᠡᠨ ᠪᠠᠶᠢᠬᠤ ᠦᠭᠡᠢ᠂ ᠵᠢᠯ ᠲᠤᠷᠰᠢ ᠭᠠᠩ ᠬᠠᠭᠤᠷᠠᠶ ᠪᠣᠷᠣᠭᠠᠨ ᠪᠠᠭ᠎ᠠ ᠪᠠᠶᠢᠳᠠᠭ᠃ ᠰᠠᠭᠤᠭᠠᠯᠢ ᠠᠷᠠᠳ ᠤᠨ ᠠᠮᠢᠳᠤᠷᠠᠯ ᠳᠤ ᠤᠰᠤ ᠤᠤᠭᠤᠬᠤ ᠬᠡᠷᠡᠭᠲᠡᠢ᠂ ᠠᠵᠤ ᠠᠬᠤᠶᠢᠯᠠᠯ ᠤᠨ ᠦᠢᠯᠡᠳᠪᠦᠷᠢᠯᠡᠯ ᠳᠤ ᠤᠰᠤ ᠬᠡᠷᠡᠭᠯᠡᠬᠦ ᠬᠡᠷᠡᠭᠲᠡᠢ᠂ ᠬᠤᠲᠠ ᠶᠢᠨ ᠨᠣᠭᠤᠭᠠᠷᠠᠭᠤᠯᠤᠯᠲᠠ ᠳᠤ ᠴᠦ ᠤᠰᠤᠨ ᠠᠴᠠ ᠰᠠᠯᠵᠤ ᠴᠢᠳᠠᠬᠤ ᠦᠭᠡᠢ᠃ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠮᠠᠨ ᠤ ᠬᠤᠲᠠ ᠳᠠᠬᠢᠯᠲᠠ ᠤᠰᠤ ᠶᠢ ᠡᠩ ᠲᠡᠷᠢᠭᠦᠨ ᠳᠤ ᠲᠤᠬᠢᠷᠠᠭᠤᠯᠤᠨ ᠬᠡᠷᠡᠭᠯᠡᠵᠦ᠂ 2020 ᠣᠨ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠭᠡᠷᠡᠴᠢᠯᠡᠨ ᠪᠠᠶᠢᠭᠤᠯᠵᠤ᠂ ᠤᠰᠤᠨ ᠤ ᠴᠢᠨᠠᠷ ᠢ ᠤᠤᠯ ᠤᠨ 1 ᠲᠡᠰ ᠤᠨ B ᠪᠠᠷᠢᠮᠵᠢᠶ᠎ᠠ ᠠᠴᠠ ᠨᠢᠭᠡᠳᠦᠭᠡᠷ ᠲᠡᠰ ᠤᠨ ᠪᠠᠷᠢᠮᠵᠢᠶ᠎ᠠ ᠪᠣᠯᠭᠠᠨ ᠳᠡᠭᠡᠭᠰᠢᠯᠡᠭᠦᠯᠵᠦ᠂ ᠡᠳᠦᠷ ᠤᠨ ᠰᠢᠢᠳᠪᠦᠷᠢᠯᠡᠬᠦ ᠴᠢᠳᠠᠪᠤᠷᠢ 1.25 ᠲᠦᠮᠡᠨ ᠲᠣᠨ ᠪᠠᠶᠢᠵᠤ᠂ ᠡᠳᠦᠷ ᠪᠦᠷᠢ 22000 ᠲᠣᠨ ᠳᠠᠬᠢᠯᠲᠠ ᠤᠰᠤ ᠶᠢ ᠬᠤᠳᠠ ᠶᠢᠨ ᠶᠠᠪᠤᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ᠂ ᠴᠡᠴᠡᠷᠯᠢᠭ ᠤᠨ ᠤᠰᠤᠯᠠᠯᠲᠠ ᠳᠤ ᠥᠷᠭᠡᠨ ᠢᠶᠠᠷ ᠬᠡᠷᠡᠭᠯᠡᠨ᠎ᠡ᠃ ᠡᠭᠦᠨ ᠤ ᠵᠡᠷᠭᠡᠴᠡᠭᠡ ᠬᠤᠨ ᠭᠠᠯᠠᠭᠤ ᠨᠠᠭᠤᠷ ᠤᠨ ᠴᠢᠭᠢᠭᠯᠢᠭ ᠭᠠᠵᠠᠷ  113 ᠾᠧᠺᠲ᠋ᠠᠷ ᠤᠨ ᠤᠰᠤᠨ ᠴᠣᠭᠴᠠ ᠶᠢᠨ ᠲᠠᠯᠠᠪᠠᠶ ᠪᠦᠷᠢᠯᠳᠦᠵᠦ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ 100% ᠳᠤ ᠬᠦᠷᠴᠦ᠂ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠪᠠᠶᠢᠷᠢᠯᠠᠪᠠ᠃    ᠮᠠᠨ ᠤ ᠬᠤᠲᠠ ᠪᠠᠰᠠ ᠤᠰᠤᠨ ᠤ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠠᠬᠢᠭᠤᠯᠵᠤ᠂ ᠨᠣᠭᠤᠭᠠᠷᠠᠭᠤᠯᠤᠯᠲᠠ ᠶᠢᠨ ᠴᠢᠨᠠᠷ ᠬᠤᠪᠢᠶᠠᠨ ᠤᠰᠤ ᠬᠠᠩᠭᠠᠬᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠤᠰᠤᠨ ᠤ ᠴᠢᠨᠠᠷ ᠢ ᠴᠡᠪᠡᠷᠰᠢᠭᠦᠯᠬᠦ ᠵᠡᠷᠭᠡ ᠠᠯᠢ ᠣᠯᠠᠨ ᠢᠨᠵᠧᠨᠧᠷᠢᠩ ᠢ ᠬᠡᠷᠡᠭᠵᠢᠭᠦᠯᠵᠦ᠂ ᠬᠤᠲᠠ ᠶᠢᠨ ᠠᠷᠠᠳ ᠲᠤ ᠦᠨᠡᠨ ᠬᠦ ︽ᠰᠠᠨᠠᠭ᠎ᠠ ᠠᠮᠤᠷ ᠤᠰᠤ︾ ᠤᠤᠭᠤᠯᠭᠠᠪᠠ
   ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠴᠢᠬᠤᠯᠠ ᠲᠤᠯᠬᠤ ᠴᠡᠭ ᠪᠣᠯᠤᠭᠰᠠᠨ ᠤ ᠬᠤᠪᠢ ᠳᠤ ᠂ ᠠᠮᠢ ᠠᠬᠤᠶ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ ᠰᠠᠶᠢᠲᠤᠷ ᠬᠦᠭᠵᠢᠭᠦᠯᠬᠦ ᠶᠢᠨ ᠠᠴᠢ ᠬᠤᠯᠪᠣᠭᠳᠠᠯ ᠢ ᠬᠡᠯᠡᠬᠦ ᠥᠬᠡᠶ ᠪᠠᠶᠢᠨ᠎ᠠ᠃ ᠤᠯᠠᠨ ᠵᠢᠯ ᠤᠨ ᠲᠤᠷᠰᠢ᠂ ᠮᠠᠨ ᠤ ᠬᠤᠲᠠ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠣᠬᠢᠷᠲᠤᠯ ᠦᠭᠡᠢ ᠬᠥᠭᠵᠢᠯᠲᠡ ᠶᠢᠨ ᠤᠷᠢᠳ ᠢᠶᠠᠷ ᠬᠡᠷᠡᠭᠵᠢᠭᠦᠯᠬᠦ ᠬᠤᠳᠠ ᠶᠢ ᠪᠦᠳᠦᠭᠡᠨ ᠪᠠᠶᠢᠭᠤᠯᠬᠤ ᠴᠢᠬᠤᠯᠠ ᠬᠠᠷᠢᠭᠤᠴᠠᠯᠭ᠎ᠠ ᠪᠠ ᠡᠭᠦᠷᠭᠡ ᠶᠢ ᠨᠢᠳᠤᠷᠭᠠᠨ ᠡᠷᠳᠡᠮ ᠢᠶᠠᠷ ᠡᠭᠦᠷᠭᠡᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠡᠯ᠎ᠡ ᠬᠦᠷᠢᠶᠡᠨ ᠳᠤ ᠠᠭᠤᠰᠤᠯᠴᠠᠭᠤᠯᠵᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠪᠠᠷ ᠳᠠᠮᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠳᠠᠷᠤᠯᠲᠠ ᠶᠢ ᠪᠠᠭᠠᠰᠬᠠᠪᠠ᠃ ᠭᠤᠷᠪᠠᠨ ᠶᠡᠭᠡ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠵᠦ᠂ ᠠᠷᠪᠠᠨ ᠵᠢᠯ ᠤᠨ ᠲᠤᠷᠰᠢ ᠮᠠᠭᠤᠳᠠᠭᠰᠠᠨ ᠨᠤᠲᠤᠭ ᠪᠡᠯᠴᠢᠭᠡᠷ᠂ ᠡᠯᠡᠰᠦᠷᠬᠡᠭ ᠭᠠᠵᠠᠷ ᠵᠡᠷᠭᠡ ᠣᠷᠣᠨ ᠪᠦᠰᠡ ᠶᠢᠨ ᠰᠡᠷᠭᠦᠭᠡᠨ ᠵᠠᠰᠠᠬᠤ᠂ ᠴᠦᠯᠯᠡᠷᠭᠡᠭᠵᠢᠯ ᠢ ᠵᠠᠰᠠᠬᠤ ᠡᠭᠦᠷᠭᠡ ᠶᠢ ᠨᠡᠶᠢᠲᠡ 81.33 ᠲᠦᠮᠡᠨ ᠮᠥ ᠪᠡᠶᠡᠯᠡᠭᠦᠯᠪᠡ᠃ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠬᠡᠳᠦᠨ ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠰᠡᠶᠢᠷᠡᠭ ᠭᠠᠷᠠᠮ ᠵᠠᠰᠠᠮᠠᠯ ᠵᠠᠮ ᠤᠨ ᠬᠤᠶᠠᠷ ᠬᠠᠵᠠᠭᠤ ᠶᠢᠨ 500 ᠲᠦᠮᠡᠨ ᠲᠡᠭᠰᠢ ᠳᠥᠷᠪᠡᠯᠵᠢᠨ ᠮᠧᠲᠷ ᠨᠢ ᠥᠩᠭᠡᠷᠡᠭᠰᠡᠨ ᠤ ᠭᠤᠪᠢ ᠪᠠᠶᠢᠭᠰᠠᠨ ᠠᠴᠠ ᠨᠣᠭᠤᠭᠠᠨ ᠪᠦᠷᠢᠳᠦ ᠪᠣᠯᠵᠤ᠂ ᠡᠮᠦᠨᠡᠰᠢ ᠤᠮᠠᠷᠠᠰᠢ ᠨᠣᠭᠤᠭᠠᠷᠠᠭᠤᠯᠤᠯᠲᠠ ᠶᠢᠨ ᠠᠮᠢ ᠠᠬᠤᠶ ᠶᠢᠨ ᠬᠠᠯᠬᠠᠪᠴᠢ ᠶᠢ ᠪᠣᠶ ᠪᠣᠯᠭᠠᠨ᠎ᠠ᠃ ᠮᠣᠩᠭᠤᠯ ᠤᠯᠤᠰ ᠯᠤᠭ᠎ᠠ ᠶᠢᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ︽ᠭᠤᠷᠪᠠᠨ ᠶᠡᠭᠡ ᠬᠥᠭᠵᠢᠯᠲᠡ ᠶᠢᠨ ᠲᠠᠪᠴᠠᠩ︾ ᠢᠶᠠᠷ ᠰᠠᠭᠤᠷᠢ ᠪᠣᠯᠭᠠᠨ᠂ ᠳᠤᠮᠳᠠᠳᠤ ᠮᠣᠩᠭᠤᠯ ᠤᠨ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠬᠦᠴᠦᠯᠡᠨ ᠪᠠᠶᠢᠭᠤᠯᠵᠤ᠂ ᠪᠣᠭᠤᠮᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠲᠤᠪᠠᠷ ᠰᠠᠶᠢᠵᠢᠷᠠᠭᠤᠯᠤᠨ᠎ᠠ᠃
   
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号