| ᠤᠳᠤᠷᠢᠳᠬᠤ ᠺᠠᠳ᠋ᠷᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠦᠨᠡᠨ ᠬᠦ ᠴᠢᠩᠭᠠᠳᠬᠠᠵᠤ᠂ | ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠬᠤᠶᠠᠷ ᠢ ᠬᠦᠷᠢᠶᠡᠯᠡᠬᠦ ᠠᠵᠢᠯ ᠤᠨ ᠤᠯᠤᠰ ᠲᠥᠷᠥ ᠶᠢᠨ | ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ | ᠴᠡᠷᠢᠭ ᠪᠠᠶᠢᠭᠤᠯᠤᠭᠳᠠᠭᠰᠠᠨ 96 ᠵᠢᠯ ᠤᠨ ᠣᠶ ᠶᠢᠨ ᠲᠠᠰᠢᠷᠠᠮ ᠳᠤ᠂ 8 ᠰᠠᠷ᠎ᠠ ᠶᠢᠨ 1 ᠤ ᠡᠳᠦᠷ᠂ ᠮᠠᠨ ᠤ ᠬᠤᠲᠠ | 2023 ᠣᠨ ᠤ ᠭᠤᠤᠯ ᠰᠡᠳᠦᠪᠲᠦ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠴᠣᠭᠵᠢᠯ ᠵᠢᠴᠢ ᠳᠥᠷᠪᠡᠨ ᠶᠡᠭᠡ ᠤᠳᠤᠷᠢᠳᠬᠤ ᠪᠠᠭ ᠤᠨ ᠪᠤᠰᠤᠳ | ᠤᠳᠤᠷᠢᠳᠤᠯᠭ᠎ᠠ ᠨᠢᠭᠡᠳᠦᠯᠲᠡᠶ ᠬᠤᠪᠴᠠᠰᠤ ᠡᠮᠦᠰᠴᠦ᠂ ᠬᠠᠮᠲᠤ ᠪᠠᠷ ︽8 · 1︾ ᠤ ᠴᠡᠷᠢᠭ ᠤᠨ ᠶᠠᠪᠤᠳᠠᠯ ᠤᠨ ᠡᠳᠦᠷ ᠤᠨ | ᠠᠵᠢᠯᠯᠠᠭ᠎ᠠ ᠳᠤ ᠣᠷᠣᠯᠴᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ | ᠴᠡᠷᠢᠭ ᠤᠨ ᠶᠠᠪᠤᠳᠠᠯ ᠤᠨ ᠠᠮᠢᠳᠤᠷᠠᠯ ᠢ ᠪᠡᠶᠡᠴᠢᠯᠡᠨ ᠣᠶᠢᠯᠠᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠭᠥᠷᠳᠡᠵᠦ᠂ ᠵᠢᠭᠠᠰᠤ ᠤᠰᠤᠨ ᠤ ᠬᠠᠷᠢᠴᠠᠭ᠎ᠠ ᠶᠢ ᠬᠠᠮᠲᠤ ᠪᠠᠷ ᠬᠦᠦᠷᠨᠢᠪᠡ᠃ | ᠲᠤᠬᠠᠶ ᠶᠢᠨ ᠡᠳᠦᠷ᠂ ᠬᠤᠲᠠ ᠶᠢᠨ ᠤᠳᠤᠷᠢᠳᠤᠯᠭ᠎ᠠ ᠤᠷᠢᠳ ᠬᠤᠵᠢᠳ ᠬᠢᠯᠢ ᠶᠢᠨ ᠬᠠᠮᠠᠭᠠᠯᠠᠯᠲᠠ ᠶᠢᠨ ᠨᠢᠭᠡᠨ | ᠪᠠᠷᠢᠭᠠᠳᠠ ᠶᠢᠨ ᠵᠢᠵᠢᠭᠦᠷᠯᠡᠬᠦ ᠭᠠᠵᠠᠷ ᠲᠤ ᠬᠦᠷᠴᠦ ᠬᠢᠯᠢ ᠶᠢᠨ ᠬᠠᠮᠠᠭᠠᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠣᠳᠣᠬᠢ ᠪᠠᠶᠢᠳᠠᠯ ᠵᠡᠷᠭᠡ ᠪᠠᠶᠢᠳᠠᠯ ᠢ ᠣᠶᠢᠯᠠᠭᠠᠪᠠ᠃ ᠳᠠᠷᠠᠭ᠎ᠠ ᠨᠢ | ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠨᠠᠷ ᠴᠡᠷᠢᠭ ᠠᠩᠭᠢ ᠶᠢᠨ ᠰᠤᠷᠭᠠᠭᠴᠢ ᠶᠢᠨ ᠵᠢᠯᠣᠭᠤᠳᠣᠯᠭ᠎ᠠ ᠳᠣᠤᠷ᠎ᠠ᠂ | ᠲᠦᠷ ᠵᠠᠭᠤᠷ᠎ᠠ ᠲᠥᠪ ᠵᠣᠭᠰᠣᠬᠤ᠂ ᠬᠤᠭᠤᠷᠣᠨᠳᠣᠬᠢ ᠠᠷᠭ᠎ᠠ ᠪᠠᠨ ᠬᠤᠪᠢᠷᠠᠭᠤᠯᠬᠤ᠂ ᠦᠢᠯᠡ ᠠᠵᠢᠯᠯᠠᠭ᠎ᠠ ᠪᠠᠨ ᠵᠣᠭᠰᠣᠬᠤ | ᠵᠡᠷᠭᠡ ᠬᠢᠴᠢᠶᠡᠯ ᠲᠥᠷᠥᠯ ᠤᠨ ᠡᠩᠨᠡᠭᠡ ᠶᠢᠨ ᠪᠣᠯᠪᠠᠰᠤᠷᠠᠯ ᠥᠷᠨᠢᠭᠦᠯᠪᠡ᠃ ᠪᠣᠯᠪᠠᠰᠤᠷᠠᠯ ᠳᠤ ᠣᠷᠣᠯᠴᠠᠭᠰᠠᠨ ᠪᠦᠬᠦ | ᠪᠦᠷᠢᠯᠳᠦᠬᠦᠨ ᠤ ᠴᠤᠭ ᠵᠢᠪᠬᠤᠭ᠎ᠠ ᠲᠡᠭᠦᠯᠳᠡᠷ᠂ ᠬᠥᠳᠡᠯᠭᠡᠭᠡᠨ ᠵᠢᠷᠤᠮᠵᠢᠭᠤᠨ ᠪᠠᠶᠢᠵᠤ᠂ ᠳᠡᠭᠡᠳᠦ ᠬᠡᠮᠵᠢᠶᠡᠨ ᠤ ᠬᠡᠷᠡᠭᠵᠢᠭᠦᠯᠬᠦ | ᠬᠦᠴᠦᠨ᠂ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠢᠯᠡᠷᠡᠭᠦᠯᠪᠡ᠃ | ︽ᠴᠡᠷᠢᠭ ᠤᠨ ᠶᠠᠪᠤᠳᠠᠯ ᠤᠨ ᠡᠳᠦᠷ︾ ᠤᠨ ᠠᠵᠢᠯᠯᠠᠭ᠎ᠠ ᠶᠢ ᠥᠷᠨᠢᠭᠦᠯᠬᠦ ᠪᠣᠯ ᠨᠠᠮ ᠠᠴᠠ ᠵᠡᠪᠰᠡᠭᠲᠦ ᠬᠦᠴᠦᠨ ᠢ | ᠬᠠᠮᠢᠶᠠᠷᠬᠤ ᠳᠦᠷᠢᠮ ᠤᠨ ᠨᠢᠭᠡᠨ ᠴᠢᠬᠤᠯᠠ ᠠᠭᠤᠯᠭ᠎ᠠ ᠪᠠᠶᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ | ᠴᠢᠩᠭᠠᠳᠬᠠᠬᠤ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠴᠠᠭ᠎ᠠ ᠶᠢ ᠠᠭᠤᠰᠤᠯᠴᠠᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠨᠢᠭᠡ ᠡᠳᠦᠷ ᠤᠨ ᠬᠤᠭᠤᠴᠠᠭ᠎ᠠ ᠲᠠᠢ ︽ᠴᠡᠷᠢᠭ ᠤᠨ ᠶᠠᠪᠤᠳᠠᠯ ᠤᠨ ᠡᠳᠦᠷ︾ ᠤᠨ ᠠᠵᠢᠯᠯᠠᠭ᠎ᠠ ᠪᠣᠯ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠰᠠᠨ | ᠠᠮᠢᠳᠤᠯᠢᠭ ᠦᠢᠯᠡᠳᠦᠯᠭᠡ ᠪᠣᠯᠤᠨ᠎ᠠ᠃ ᠬᠤᠶᠢᠰᠢᠳᠠ ᠶᠢᠨ ᠠᠵᠢᠯ ᠤᠨ ᠳᠤᠮᠳᠠ᠂ ᠮᠠᠨ ᠤ ᠬᠤᠲᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ | ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠴᠠᠭᠠᠷᠠᠭᠰᠠᠨ ᠴᠢᠳᠠᠪᠤᠷᠢ ᠪᠠᠨ ᠴᠢᠨᠠᠭᠰᠢᠳᠠ | ᠳᠠᠪᠲᠠᠨ ᠪᠣᠯᠪᠠᠰᠤᠷᠠᠭᠤᠯᠵᠤ᠂ ᠰᠢᠯᠢᠳᠡᠭ ᠰᠤᠷᠲᠠᠯ ᠢᠶᠠᠨ ᠪᠠᠲᠤᠯᠠᠵᠤ᠂ ᠨᠡᠩ ᠬᠦᠴᠦᠯᠡᠨ ᠴᠢᠷᠮᠠᠶᠢᠬᠤ ᠤᠶᠤᠨ ᠰᠠᠨᠠᠭᠠᠨ ᠤ | ᠳᠦᠷᠰᠦ ᠪᠠᠶᠢᠳᠠᠯ ᠢᠶᠠᠷ ᠠᠵᠤ ᠠᠬᠤᠢ ᠶᠢᠨ ᠬᠥᠭᠵᠢᠯᠲᠡ᠂ ᠬᠤᠳᠠ ᠶᠢᠨ ᠪᠦᠳᠦᠭᠡᠨ ᠪᠠᠶᠢᠭᠤᠯᠤᠯᠲᠠ᠂ ᠠᠮᠢ ᠠᠬᠤᠢ ᠶᠢᠨ | ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠢ ᠴᠢᠨᠠᠷ ᠰᠠᠶᠢᠲᠠᠢ ᠠᠬᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠲᠤᠰ ᠡᠳᠦᠷ ᠤᠨ ᠤᠷᠤᠢ᠂ ᠬᠤᠲᠠ ᠶᠢᠨ ᠤᠳᠤᠷᠢᠳᠤᠯᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠵᠢᠴᠢ ᠭᠡᠷ | ᠪᠦᠯᠢ ᠶᠢᠨ ᠬᠢᠨ ᠲᠠᠢ ᠬᠠᠮᠲᠤ ᠴᠢᠯᠥᠭᠡᠯᠡᠬᠦ ᠴᠡᠷᠢᠭ ᠤᠨ ᠤᠷᠠᠨ ᠰᠠᠶᠢᠬᠠᠨ ᠤ ᠪᠦᠯᠬᠦᠮ ᠤᠨ ᠠᠪᠴᠢᠷᠠᠭᠰᠠᠨ ᠤᠷᠠᠨ | ᠰᠠᠶᠢᠬᠠᠨ ᠤ ᠦᠳᠡᠰᠢᠯᠡᠭᠡ ᠶᠢ ᠰᠣᠨᠢᠷᠬᠠᠵᠤ᠂ ᠳᠠᠭᠤᠯᠠᠨ ᠪᠥᠵᠢᠭᠯᠡᠵᠦ ᠨᠠᠢᠮᠠᠨ ᠰᠠᠷ᠎ᠠ ᠶᠢᠨ ᠨᠢᠭᠡᠨ ᠤ ᠴᠡᠷᠢᠭ | ᠪᠠᠶᠢᠭᠤᠯᠤᠭᠳᠠᠭᠰᠠᠨ ᠪᠠᠶᠠᠷ ᠢ ᠬᠠᠮᠲᠤ ᠪᠠᠷ ᠪᠡᠯᠭᠡᠯᠡᠪᠡ᠃ |