ᠡᠨᠡ ᠵᠢᠯ ᠤᠨ ᠳᠡᠭᠡᠷ᠎ᠡ ᠬᠠᠭᠠᠰ ᠵᠢᠯ ᠳᠤ ᠡᠷᠢᠶᠡᠨ ᠪᠣᠭᠤᠮᠲᠠ ᠶᠢᠨ ᠣᠷᠣᠰ ᠯᠤᠭ᠎ᠠ ᠶᠢᠨ ᠠᠷᠠᠯᠵᠢᠶ᠎ᠠ ᠪᠠᠶᠠᠷᠯᠠᠭᠤᠰᠢᠲᠠᠢ ᠨᠡᠮᠡᠭᠳᠡᠵᠦ ᠪᠠᠶᠢᠨ᠎ᠠ
ᠨᠡᠶᠢᠲᠡᠯᠡᠭᠰᠡᠨ ᠴᠠᠭ᠄
2023/8/3
    ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠡᠷᠢᠶᠡᠨ ᠪᠣᠭᠤᠮᠲᠠ ᠣᠷᠣᠰ ᠲᠠᠬᠢ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ 43.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.24 ᠳᠠᠬᠢᠨ ᠨᠡᠮᠡᠭᠳᠡᠵᠦ᠂ ᠠᠳᠠᠯᠢ ᠬᠤᠭᠤᠴᠠᠭᠠᠨ ᠤ ᠡᠷᠢᠶᠡᠨ ᠪᠣᠭᠤᠮᠲᠠ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶ ᠥᠷᠲᠡᠭ ᠤᠨ 20.69% ᠶᠢ ᠡᠵᠡᠯᠡᠪᠡ᠃    
  ᠡᠷᠢᠶᠡᠨ ᠪᠣᠭᠤᠮᠲᠠ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠬᠢᠨ ᠣᠷᠣᠰ ᠯᠤᠭ᠎ᠠ ᠶᠢᠨ ᠠᠷᠠᠯᠵᠢᠶᠠᠨ ᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠪᠠᠶᠠᠷᠯᠠᠭᠤᠰᠢᠲᠠᠢ ᠪᠠᠶᠢᠳᠠᠯ ᠢᠯᠡᠷᠡᠪᠡ᠃    ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠦᠷᠭᠦᠯᠵᠢᠯᠡᠨ ᠣᠯᠠᠨ ᠠᠷᠭ᠎ᠠ ᠵᠠᠮ ᠢᠶᠠᠷ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠲᠥᠭᠡᠷᠢᠭᠳᠡᠯ ᠢ ᠬᠠᠷᠢᠭᠤᠯᠵᠤ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠵᠦ ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠪᠣᠭᠤᠮᠲᠠ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号