| 8 ᠳ᠋ᠤᠭᠠᠷ ᠰᠠᠷ᠎ᠠ ᠶᠢᠨ 6 ᠤ ᠡᠳᠦᠷ᠂ 2023 ᠣᠨ ᠳᠤ ᠡᠷᠢᠶᠡᠨ ᠬᠤᠳᠠ ᠶᠢᠨ ᠮᠣᠩᠭᠤᠯ ᠮᠤᠷᠢᠨ ᠤ ᠳᠤᠮᠳᠠᠳᠤ | ᠮᠣᠩᠭᠤᠯ ᠣᠷᠣᠰ ᠤᠨ ᠮᠣᠷᠢᠨ ᠤᠷᠤᠯᠳᠤᠭᠠᠨ ᠵᠢᠴᠢ ᠳᠤᠮᠳᠠᠳᠤ ᠮᠣᠩᠭᠤᠯ ᠣᠷᠣᠰ ᠤᠨ ᠨᠠᠭᠠᠳᠤᠮ ᠤᠨ ᠬᠤᠷᠠᠯ ᠬᠤᠲᠠ ᠶᠢᠨ | ᠦᠨᠳᠦᠰᠦᠲᠡᠨ ᠤ ᠰᠣᠶᠣᠯ ᠠᠵᠤ ᠦᠢᠯᠡᠰ ᠤᠨ ᠬᠦᠷᠢᠶᠡᠯᠡᠩ ᠳᠤ ᠠᠮᠵᠢᠯᠲᠠ ᠲᠠᠢ ᠡᠬᠢᠯᠡᠪᠡ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠱᠦᠵᠢ᠂ | ᠨᠠᠷᠢᠨ ᠪᠢᠴᠢᠭ ᠤᠨ ᠳᠠᠷᠤᠭ᠎ᠠ ᠭᠤᠤ ᠹᠧᠩ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠮᠣᠷᠢᠨ | ᠤᠷᠤᠯᠳᠤᠭᠠᠨ ᠤ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠶ ᠰᠢ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠴᠣᠭᠵᠢᠯ ᠵᠢᠴᠢ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠡᠷᠢᠶᠡᠨ | ᠬᠤᠲᠠ ᠳᠤ ᠰᠠᠭᠤᠭ᠎ᠠ ᠮᠣᠩᠭᠤᠯ ᠤᠯᠤᠰ ᠤᠨ ᠺᠤᠨᠰᠦ᠋ᠯ ᠤᠨ ᠭᠠᠵᠠᠷ ᠤᠨ ᠺᠤᠨᠰᠦ᠋ᠯ ᠮᠦᠩᠬᠡᠭᠡᠷᠡᠯ ᠠᠵᠢᠯᠯᠠᠭ᠎ᠠ ᠳᠤ | ᠣᠷᠣᠯᠴᠠᠪᠠ᠃ | ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ | ᠡᠬᠢᠯᠡᠯᠳᠠ ᠶᠢ ᠵᠠᠷᠯᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ | ᠵᠠᠩ ᠶᠢᠩ ᠵᠢᠶᠧ ᠪᠠᠶᠠᠷ ᠤᠨ ᠦᠭᠡ ᠬᠡᠯᠡᠵᠦ᠂ ᠬᠤᠲᠠ ᠶᠢᠨ ᠳᠡᠳ᠋ ᠳᠠᠷᠤᠭ᠎ᠠ ᠯᠠᠢ ᠰᠢᠶᠠᠩ ᠬᠤᠸᠠ ᠡᠬᠢᠯᠡᠯᠲᠡ ᠶᠢᠨ ᠶᠡᠭᠡ | ᠬᠤᠷᠠᠯ ᠢ ᠡᠷᠭᠢᠯᠡᠪᠡ᠃ | ᠨᠠᠭᠠᠳᠤᠮ ᠪᠣᠯ ᠲᠠᠯ᠎ᠠ ᠨᠤᠲᠤᠭ ᠤᠨ ᠤᠯᠠᠮᠵᠢᠯᠠᠯᠲᠤ ᠰᠣᠶᠣᠯ ᠤᠨ ᠦᠪᠡᠳᠡᠭᠰᠢ ᠴᠤᠭᠯᠠᠭᠠᠨ ᠮᠥᠨ᠂ ᠦᠨᠳᠦᠰᠦᠲᠡᠨ ᠤ | ᠵᠠᠩ ᠦᠢᠯᠡ ᠶᠢ ᠳᠡᠯᠭᠡᠨ ᠦᠵᠡᠭᠦᠯᠬᠦ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠰᠣᠶᠣᠯ ᠵᠢᠭᠤᠯᠴᠢᠯᠠᠯ ᠤᠨ | ᠠᠭᠤᠰᠤᠯᠴᠠᠯ ᠢ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ ᠥᠷᠭᠡᠨ ᠣᠯᠠᠨ ᠮᠠᠯᠴᠢᠨ ᠵᠢᠴᠢ ᠥᠷᠭᠡᠨ ᠣᠯᠠᠨ | ᠬᠤᠲᠠ ᠶᠢᠨ ᠠᠷᠠᠳ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠨᠠᠭᠠᠳᠤᠮ ᠤᠨ ᠬᠤᠷᠠᠯ ᠤᠨ ᠲᠠᠯᠠᠪᠠᠢ ᠳᠤ | ᠴᠤᠭᠯᠠᠷᠠᠵᠤ᠂ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠢ ᠪᠡᠯᠭᠡᠯᠡᠪᠡ᠃ ᠪᠠᠶᠠᠷ ᠬᠥᠷ ᠲᠠᠢ ᠬᠥᠭᠵᠢᠮ ᠤᠨ ᠠᠶᠠᠰ ᠢᠶᠠᠷ | ᠤᠯᠤᠰ ᠤᠨ ᠲᠤᠭ ᠤᠨ ᠶᠣᠰᠣᠯᠠᠯ ᠤᠨ ᠠᠩᠭᠢ᠂ ᠬᠤᠷᠠᠯ ᠤᠨ ᠲᠤᠭ ᠤᠨ ᠵᠢᠭᠰᠠᠭᠠᠯ ᠤᠨ ᠠᠩᠭᠢ᠂ ᠤᠯᠠᠭᠠᠨᠮᠥ᠋ᠴᠢᠷ ᠤᠨ | ᠵᠢᠭᠰᠠᠭᠠᠯ᠂ ᠴᠠᠢ ᠶᠢᠨ ᠡᠷᠲᠡᠨ ᠤ ᠵᠠᠮ ᠤᠨ ᠲᠡᠮᠡᠭᠡᠨ ᠤ ᠠᠩᠭᠢ᠂ ᠮᠣᠷᠢᠨ ᠮᠡᠷᠭᠡᠵᠢᠯ ᠤᠨ ᠺᠯᠦ᠋ᠪ ᠤᠨ ᠴᠡᠷᠢᠭ ᠠᠩᠭᠢ ᠵᠡᠷᠭᠡ | 11 ᠠᠩᠭᠢ ᠳᠠᠷᠠᠭᠠᠯᠠᠨ ᠲᠠᠯᠠᠪᠠᠶ ᠳᠤ ᠣᠷᠣᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠭᠠᠷ | ᠬᠤᠯᠪᠣᠯᠴᠠᠨ᠂ ᠰᠡᠳᠬᠢᠯ ᠵᠢᠷᠦᠬᠡ ᠪᠠᠨ ᠬᠤᠯᠪᠣᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠦᠵᠡᠰᠬᠦᠯᠡᠩᠲᠦ ᠰᠠᠶᠢᠬᠠᠨ ᠬᠡᠷ | ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠢᠲᠡᠭᠡᠯ ᠵᠣᠷᠢᠭ ᠢ ᠬᠦᠢᠴᠡᠳ ᠢᠯᠡᠷᠡᠭᠦᠯᠪᠡ᠃ | ᠡᠬᠢᠯᠡᠯᠲᠡ ᠶᠢᠨ ᠶᠣᠰᠣᠯᠠᠯ ᠤᠨ ᠶᠠᠪᠤᠴᠠ ᠳᠤ᠂ ᠮᠣᠷᠢᠨ ᠬᠤᠭᠤᠷ ᠤᠨ ᠬᠥᠭᠵᠢᠮ ︽ᠠᠵᠢᠨᠠᠶ ᠬᠦᠯᠦᠭ ᠰᠠᠯᠬᠢ︾ ︽ | ᠲᠦᠮᠡᠨ ᠠᠭᠲᠠ ᠶᠢᠨ ᠲᠦᠪᠡᠷᠭᠡᠨ︾ ᠨᠢ ᠰᠦᠷ ᠳᠠᠯᠠᠶᠢᠴᠠᠲᠠᠶ᠂ ᠢᠳᠡᠷᠡᠭᠦᠨ ᠳᠣᠷᠪᠢᠲᠠᠶ᠂ ᠠᠪᠢᠶᠠᠨ ᠤ ᠥᠩᠭᠡ ᠥᠪᠡᠷᠮᠢᠴᠡ | ᠂ ᠠᠶᠢᠵᠠᠮ ᠰᠠᠷᠠᠭᠤᠯ ᠲᠦᠷᠭᠡᠨ ᠪᠠᠶᠢᠯ᠎ᠠ᠃ ᠳᠤᠮᠳᠠᠳᠤ ᠮᠣᠩᠭᠤᠯ ᠣᠷᠣᠰ ᠤᠨ ᠲᠣᠭᠯᠠᠭᠴᠢᠳ ᠪᠥᠵᠢᠭ ᠤᠨ ᠠᠯᠬᠤᠭ᠎ᠠ ᠪᠠᠷ | ᠳᠠᠭᠤᠤ ᠳᠠᠭᠤᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠤᠶᠠᠩᠭᠠᠯᠠᠨ ᠪᠥᠵᠢᠭᠯᠡᠵᠦ᠂ ᠲᠤᠬᠠᠢ ᠶᠢᠨ ᠲᠠᠯᠠᠪᠠᠢ ᠶᠢᠨ | ᠦᠵᠡᠭᠴᠢᠳ ᠲᠤ ᠪᠠᠶᠠᠯᠢᠭ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠠᠪᠴᠢᠷᠠᠭᠰᠠᠨ ᠪᠠᠶᠢᠨ᠎ᠠ᠃ |