| 8 ᠰᠠᠷ᠎ᠠ ᠶᠢᠨ 6 ᠤ ᠡᠳᠦᠷ᠂ ︽ᠲᠠᠯ᠎ᠠ ᠨᠤᠲᠤᠭ ᠲᠠᠢ ᠪᠣᠯᠵᠣᠬᠤ ᠨᠠᠭᠠᠳᠤᠮ ᠤᠨ ᠴᠤᠭᠯᠠᠭᠠᠨ︾ 2023 ᠣᠨ ᠤ | ᠡᠷᠢᠶᠡᠨ ᠬᠤᠲᠠ ᠶᠢᠨ ᠳᠤᠮᠳᠠᠳᠤ ᠮᠣᠩᠭᠤᠯ ᠣᠷᠣᠰ ᠤᠨ ᠨᠠᠭᠠᠳᠤᠮ ᠤᠨ ᠱᠢᠷᠢᠰ ᠠᠵᠢᠯᠯᠠᠭ᠎ᠠ ᠶᠢᠨ1000 ᠮᠧᠲᠷ ᠤᠨ | ᠮᠣᠷᠢᠨ ᠤ ᠤᠷᠤᠯᠳᠤᠭᠠᠨ ᠪᠠ 8000 ᠮᠧᠲᠷ ᠤᠨ ᠮᠣᠩᠭᠤᠯ ᠮᠣᠷᠢᠨ ᠤ ᠳᠤᠮᠳᠠ ᠬᠤᠯᠠ ᠵᠠᠢ ᠶᠢᠨ ᠤᠷᠤᠯᠳᠤᠭᠠᠨ | ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ | ᠤᠷᠤᠯᠳᠤᠭᠠᠨ ᠤ ᠲᠤᠬᠠᠶ ᠶᠢᠨ ᠲᠠᠯᠠᠪᠠᠶ ᠳᠤ᠂ ᠤᠷᠤᠯᠳᠤᠭᠠᠨ ᠳᠤ ᠣᠷᠣᠯᠴᠠᠭᠰᠠᠳ ᠠᠭᠲᠠ ᠬᠦᠯᠦᠭ ᠳᠠᠪᠬᠢᠵᠤ᠂ | ᠡᠬᠢᠯᠡᠯᠲᠡ ᠶᠢᠨ ᠱᠤᠭᠤᠮ ᠳᠡᠭᠡᠷ᠎ᠡ ᠵᠢᠭᠰᠠᠭᠠᠪᠠ᠃ ᠬᠢᠨᠠᠭᠴᠢ ᠶᠢᠨ ᠵᠠᠷᠯᠢᠭ ᠪᠠᠭᠤᠬᠤ ᠲᠠᠢ ᠵᠡᠷᠭᠡ᠂ ᠲᠠᠮᠢᠷᠴᠢᠳ ᠭᠠᠷ ᠲᠠᠭᠠᠨ | ᠴᠤᠯᠪᠤᠭᠤᠷ ᠠᠳᠬᠤᠵᠤ᠂ ᠮᠣᠷᠢ ᠪᠠᠨ ᠲᠠᠰᠢᠭᠤᠷᠳᠠᠨ᠂ ᠠᠭᠲᠠ ᠮᠣᠷᠢ ᠨᠢ ᠨᠢᠰᠬᠦ ᠮᠡᠲᠦ ᠬᠤᠷᠳᠤᠯᠠᠵᠤ᠂ ᠤᠷᠤᠯᠳᠤᠭᠠᠨ | ᠰᠣᠨᠢᠷᠬᠠᠵᠤ ᠪᠠᠶᠢᠭ᠎ᠠ ᠤᠯᠠᠨ ᠲᠦᠮᠡᠨ ᠤ ᠪᠠᠶᠠᠷᠯᠠᠨ ᠬᠠᠰᠬᠢᠷᠬᠤ ᠳᠠᠭᠤᠨ ᠠᠳᠡ ᠲᠡᠨᠳᠡ ᠦᠭᠡᠢ ᠴᠤᠤᠷᠢᠶᠠᠲᠤᠨ᠎ᠠ᠃ | ᠨᠢᠭᠡ ᠦᠳᠡ ᠶᠢᠨ ᠡᠮᠦᠨᠡᠬᠢ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ ᠡᠴᠦᠰ ᠲᠤ᠂ ᠪᠠᠶᠠᠷ᠂ | ᠡᠷᠳᠡᠮᠲᠦ᠂ ᠯᠢᠦ ᠵᠥᠩ ᠹᠦ᠋ ᠨᠠᠷ ᠤᠨ ᠮᠣᠷᠢ ᠲᠣᠰ ᠲᠣᠰ 1000 ᠮᠧᠲᠷ ᠤᠨ ᠤᠷᠤᠯᠳᠤᠭᠠᠨ ᠤ ᠨᠢᠭᠡᠳᠦᠭᠡᠷ ᠬᠤᠶᠠᠳᠤᠭᠠᠷ | ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃ ᠭᠡᠰᠢᠭᠳᠦᠬᠦᠷᠡᠩ᠂ ᠬᠠᠳᠠᠨᠪᠠᠭᠠᠳᠣᠷ᠂ ᠲᠦᠮᠡᠨᠵᠢᠷᠭᠠᠯ ᠤᠨ ᠮᠣᠷᠢ 8000 | ᠮᠧᠲᠷ ᠤᠨ ᠨᠢᠭᠡ ᠬᠤᠶᠠᠷ ᠭᠤᠷᠪᠠᠳᠤᠭᠠᠷ ᠳᠡᠰ ᠤᠨ ᠱᠠᠩᠨᠠᠯ ᠬᠦᠷᠲᠡᠪᠡ᠃ | ᠬᠤᠷᠴᠠ ᠰᠢᠷᠦᠭᠦᠨ ᠤᠷᠤᠯᠳᠤᠭᠠᠨ ᠤ ᠮᠣᠷᠢ ᠨᠢ ᠦᠵᠡᠭᠴᠢᠳ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ | ᠮᠣᠷᠢᠴᠢᠨ ᠳᠠᠭᠠᠨ ᠲᠠᠰᠤᠷᠠᠯᠲᠠ ᠦᠭᠡᠢ ᠡᠷᠴᠢ ᠵᠣᠷᠢᠭ ᠢᠶᠠᠨ ᠬᠥᠪᠴᠢᠯᠡᠪᠡ᠃ |