ᠳᠤᠮᠳᠠᠳᠤ ᠮᠣᠩᠭᠤᠯ ᠣᠷᠣᠰ ᠤᠨ ᠰᠣᠷ ᠬᠠᠷᠪᠣᠯᠳᠠ ᠶᠢᠨ ᠨᠠᠭᠠᠳᠤᠮ ᠭᠤᠴᠣ ᠰᠠᠶᠢᠬᠠᠨ ᠪᠣᠯᠣᠯ᠎ᠠ
ᠨᠡᠶᠢᠲᠡᠯᠡᠭᠰᠡᠨ ᠴᠠᠭ᠄
2023/8/8
    8 ᠰᠠᠷ᠎ᠠ ᠶᠢᠨ ᠪᠣᠭᠤᠮᠲᠠ ᠶᠢᠨ ᠬᠢᠨ ᠥᠩᠭᠡ ᠢᠯᠭᠠᠷᠠᠮ᠎ᠠ ᠣᠷᠭᠢᠯᠤᠮ᠎ᠠ ᠬᠠᠯᠠᠭᠤᠨ᠃ 8 ᠰᠠᠷ᠎ᠠ ᠶᠢᠨ 7 ᠤ ᠡᠳᠦᠷ ᠪᠣᠯ 2023 ᠣᠨ ᠤ ᠡᠷᠢᠶᠡᠨ ᠬᠤᠲᠠ ᠶᠢᠨ ᠮᠣᠩᠭᠤᠯ ᠮᠣᠷᠢ ᠣᠷᠣᠯᠳᠣᠬᠤ ᠬᠤᠯᠪᠣᠭᠠᠲᠤ ᠤᠷᠤᠯᠳᠤᠭᠠᠨ ᠵᠢᠴᠢ ᠳᠤᠮᠳᠠᠳᠤ ᠮᠣᠩᠭᠤᠯ ᠣᠷᠣᠰ ᠤᠨ ᠨᠠᠭᠠᠳᠤᠮ ᠤᠨ ᠴᠤᠭᠯᠠᠭᠠᠨ ᠤ ᠬᠤᠶᠠᠳᠤᠭᠠᠷ ᠡᠳᠦᠷ ᠪᠣᠯᠤᠨ᠎ᠠ᠂ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ ᠬᠥᠮᠦᠰ ᠣᠯᠠᠰᠢᠷᠡᠵᠦ᠂ ᠶᠡᠷᠦ ᠪᠤᠰᠤ ᠶᠢᠨ ᠬᠥᠷ ᠨᠠᠷᠭᠢᠶᠠᠨ ᠲᠠᠢ ᠪᠠᠶᠢᠯ᠎ᠠ᠃ ᠤᠷᠤᠯᠳᠤᠭᠴᠢ ᠪᠣᠯᠤᠨ ᠦᠵᠡᠭᠴᠢᠳ ᠪᠣᠯᠵᠣᠨ ᠲᠣᠭᠲᠠᠭᠰᠠᠨ ᠮᠡᠲᠦ ᠪᠠᠷ ᠨᠠᠭᠠᠳᠤᠮ ᠤᠨ ᠵᠦᠢᠯᠡᠰ ᠤᠨ ᠥᠪᠡᠷᠮᠢᠴᠡ ᠷᠢᠳᠢ ᠰᠢᠳᠢ ᠶᠢ ᠬᠠᠮᠲᠤ ᠪᠠᠷ ᠪᠡᠶᠡᠴᠢᠯᠡᠨ ᠣᠶᠢᠯᠠᠭᠠᠬᠤ ᠬᠡᠷᠡᠭᠲᠡᠢ᠃    ᠤᠷᠤᠯᠳᠤᠭᠠᠨ ᠤ ᠲᠠᠯᠠᠪᠤᠷ ᠠᠴᠠ ᠭᠠᠳᠠᠨ᠎ᠠ᠂ ᠤᠷᠤᠯᠳᠤᠭᠠᠨ ᠳᠤ ᠣᠷᠣᠯᠴᠠᠬᠤ ᠲᠠᠮᠢᠷᠴᠢᠳ ᠭᠤᠷᠪᠠ ᠲᠠᠪᠤ ᠪᠠᠷ ᠲᠣᠭᠤᠷᠢᠨ ᠰᠠᠭᠤᠵᠤ᠂ ᠬᠠᠷᠪᠤᠯᠲᠠ ᠶᠢᠨ ᠤᠷ᠎ᠠ ᠮᠡᠷᠭᠡᠵᠢᠯ ᠢᠶᠠᠨ ᠰᠣᠯᠢᠯᠴᠠᠬᠤ᠂ ᠡᠰᠡᠬᠦᠯ᠎ᠡ ᠤᠷᠤᠯᠳᠤᠭᠠᠨ ᠤ ᠣᠯᠤᠯᠲᠠ ᠲᠥᠷᠥᠭᠳᠡᠯ ᠢᠶᠠᠨ ᠶᠠᠷᠢᠯᠴᠠᠬᠤ ᠶᠢ ᠬᠦᠯᠢᠶᠡᠵᠦ ᠪᠠᠶᠢᠨ᠎ᠠ᠃ ᠲᠡᠳᠡ ᠤᠳᠠᠯ ᠦᠭᠡᠢ ᠨᠢᠭᠡ ᠲᠠᠯᠠᠪᠤᠷ ᠤᠷᠤᠯᠳᠤᠭᠠᠨ ᠶᠠᠪᠤᠭᠤᠯᠵᠤ᠂ ᠲᠤᠰ ᠲᠤᠰ ᠤᠨ ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ ᠶᠢᠨ ᠬᠠᠮᠲᠤ᠂ ᠣᠯᠠᠨ ᠲᠦᠮᠡᠨ ᠢ ᠲᠣᠭᠤᠷᠢᠨ ᠦᠵᠡᠬᠦ ᠳᠤ ᠭᠤᠶᠢᠳᠠ ᠰᠠᠶᠢᠬᠠᠨ ᠴᠣᠬᠢᠯᠳᠠ ᠦᠭᠬᠦ ᠪᠤᠯᠤᠨ᠎ᠠ᠃    ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠡᠴᠦᠰ ᠲᠡᠭᠡᠨ 16 ᠲᠠᠮᠢᠷᠴᠢᠨ ᠢᠷᠠᠭᠤ ᠠᠯᠳᠠᠷ ᠢ ᠬᠦᠷᠲᠡᠪᠡ᠃ ᠡᠭᠦᠨ ᠳᠤ ᠣᠷᠳᠣᠰ ᠠᠴᠠ ᠢᠷᠡᠭᠰᠡᠨ ᠮᠦᠩᠬᠡᠳᠣᠷᠵᠢ᠂ ᠪᠠᠷᠰ ᠵᠢᠴᠢ ᠠᠪᠠᠭ᠎ᠠ ᠬᠤᠰᠢᠭᠤᠨ ᠤ ᠵᠢᠷᠤᠮᠲᠦ ᠨᠠᠷ ᠡᠮᠦᠨ᠎ᠡ ᠭᠤᠷᠪᠠ ᠳᠤ ᠣᠷᠣᠬᠰᠠᠨ ᠰᠠᠶᠢᠨ ᠬᠢᠷᠢ ᠪᠦᠲᠦᠮᠵᠢ ᠣᠯᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号