8 ᠰᠠᠷ᠎ᠠ ᠶᠢᠨ 7 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠬᠤᠳᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ 2023 ᠣᠨ ᠤ 21 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠵᠤ᠂ ᠶᠡᠷᠦᠩᠬᠡᠢ ᠱᠦᠵᠢ | ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠪᠣᠯᠤᠨ ᠥᠪᠡᠷᠲᠡᠭᠡᠨ ᠵᠠᠰᠠᠬᠤ ᠣᠷᠣᠨ ᠤ ᠭᠤᠣᠯ ᠤᠳᠤᠷᠢᠳᠤᠯᠭ᠎ᠠ ᠶᠢᠨ ᠬᠤᠯᠪᠣᠭᠳᠠᠯ ᠪᠦᠬᠦᠢ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠡᠭᠡᠷ᠎ᠡ ᠬᠠᠭᠠᠰ ᠵᠢᠯ ᠤᠨ ᠦᠵᠡᠯ ᠤᠬᠠᠮᠰᠠᠷ ᠤᠨ ᠬᠡᠯᠪᠡᠷᠢ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ︽ᠬᠤᠶᠠᠳᠤᠭᠠᠷ ᠵᠥᠪᠳᠡᠯᠴᠡᠭᠡᠨ ᠤ ᠬᠤᠷᠠᠯ︾ ᠤᠨ ᠪᠡᠯᠡᠳᠬᠡᠯ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠲᠥᠰᠦᠯ ᠢ ᠰᠤᠳᠤᠯᠤᠨ ᠬᠢᠨᠠᠨ ᠵᠥᠪᠯᠡᠪᠡ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ᠂ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠢᠮᠠᠭᠲᠠ ᠮᠠᠷᠺᠰ ᠤᠨ | ᠦᠵᠡᠯ ᠢ ᠨᠠᠮ ᠪᠠᠶᠢᠭᠤᠯᠵᠤ ᠤᠯᠤᠰ ᠢᠶᠠᠨ ᠮᠠᠨᠳᠤᠭᠤᠯᠬᠤ᠂ ᠨᠠᠮ ᠢ ᠮᠠᠨᠳᠤᠭᠤᠯᠵᠤ ᠤᠯᠤᠰ ᠢᠶᠠᠨ ᠮᠠᠨᠳᠤᠭᠤᠯᠬᠤ ᠶᠢᠨ | ᠦᠨᠳᠦᠰᠦ ᠪᠣᠯᠭᠠᠵᠤ᠂ ᠮᠠᠷᠺᠰ ᠤᠨ ᠦᠵᠡᠯ ᠤᠨ ᠡᠨᠡᠬᠦ ᠠᠮᠢᠨ ᠰᠤᠳᠠᠰᠤ ᠪᠣᠯᠤᠨ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠰᠠᠶᠢᠲᠤᠷ ᠰᠠᠬᠢᠵᠤ᠂ ︽ᠬᠤᠶᠠᠷ ᠢ ᠤᠶᠠᠯᠳᠤᠭᠤᠯᠬᠤ︾᠂ ︽ᠵᠢᠷᠭᠤᠭ᠎ᠠ ᠶᠢ ᠡᠷᠬᠡᠪᠰᠢ | ᠪᠠᠷᠢᠮᠲᠠᠯᠠᠬᠤ︾ ᠶᠢ ᠰᠠᠶᠢᠲᠤᠷ ᠰᠤᠷᠤᠯᠴᠠᠵᠤ᠂ ᠰᠠᠶᠢᠲᠤᠷ ᠪᠠᠷᠢᠮᠲᠠᠯᠠᠵᠤ᠂ ᠰᠠᠶᠢᠲᠤᠷ ᠬᠡᠷᠡᠭᠯᠡᠵᠦ᠂ ᠮᠠᠷᠺᠰ ᠤᠨ | ᠦᠵᠡᠯ ᠢ ᠳᠤᠮᠳᠠᠳᠤ ᠤᠯᠤᠰᠴᠢᠯᠠᠭᠰᠠᠨ᠂ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠤᠨ | ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠬᠤ ᠬᠡᠷᠡᠭᠲᠡᠢ᠃ ᠰᠢ ᠶᠢᠨ | ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠴᠡᠷᠢᠭ ᠤᠨ ᠶᠠᠪᠤᠳᠠᠯ ᠤᠨ ᠲᠡᠮᠡᠴᠡᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠡᠯᠡᠳᠬᠡᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠤᠰᠤ ᠴᠠᠬᠢᠯᠭᠠᠨ ᠵᠠᠮ ᠤᠨ ᠮᠡᠳᠡᠭᠡ︾ ᠶᠢᠨ ᠰᠠᠭᠤᠷᠢ | ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠣᠨ ᠤ ᠴᠡᠷᠢᠭ ᠡᠯᠰᠡᠬᠦ᠂ | ᠴᠡᠷᠢᠭ ᠪᠣᠯᠪᠠᠰᠤᠷᠠᠭᠤᠯᠬᠤ ᠬᠠᠮᠲᠤᠷᠠᠭᠰᠠᠨ ᠪᠠᠶᠢᠯᠳᠤᠭᠠᠨ ᠵᠡᠷᠭᠡ ᠴᠡᠷᠢᠭ ᠤᠨ ᠶᠠᠪᠤᠳᠠᠯ ᠤᠨ ᠡᠭᠦᠷᠭᠡ ᠶᠢ ᠰᠠᠶᠢᠲᠤᠷ | ᠪᠡᠶᠡᠯᠡᠭᠦᠯᠬᠦ ᠬᠡᠷᠡᠭᠲᠡᠶ᠃ ᠪᠦᠬᠦ ᠤᠯᠤᠰ ᠤᠨ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠲᠠ ᠶᠢᠨ ᠲᠠᠪᠤᠳᠤᠭᠠᠷ | ᠰᠤᠮᠤ ᠪᠠᠶᠢᠭᠤᠯᠬᠤ ᠪᠠᠷ ᠭᠠᠷᠳᠠᠴᠠ ᠪᠣᠯᠭᠠᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠳᠦᠷᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠰᠠᠭᠤᠭ᠎ᠠ ᠭᠠᠵᠠᠷ ᠤᠨ ᠴᠡᠷᠢᠭ | ᠠᠩᠭᠢ ᠪᠣᠯᠤᠨ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠬᠦᠴᠢᠷ ᠵᠣᠪᠠᠭᠤᠷᠢ ᠶᠢ ᠦᠨᠡᠨ ᠰᠡᠳᠬᠢᠯ ᠠᠴᠠ ᠪᠠᠨ | ᠰᠢᠢᠳᠪᠦᠷᠢᠯᠡᠵᠦ ᠥᠭᠭᠦᠨ᠎ᠡ᠃ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠪᠣᠯᠤᠨ | ᠲᠣᠭᠠᠴᠢᠯᠠᠭᠰᠠᠨ ᠳᠤᠮᠳᠠᠳᠤ ᠤᠯᠤᠰ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ᠂ ᠴᠡᠪᠡᠷ ᠲᠤᠩᠭᠠᠯᠠᠭ | ᠰᠦᠯᠵᠢᠶᠡᠨ ᠤ ᠣᠷᠣᠨ ᠵᠠᠶ᠂ ᠨᠠᠶᠢᠳᠠᠪᠤᠷᠢᠲᠠᠶ ᠰᠦᠯᠵᠢᠶᠡᠨ ᠤ ᠪᠠᠲᠤᠯᠠᠭ᠎ᠠ᠂ ᠲᠣᠭᠲᠠᠭᠤᠨ ᠮᠡᠳᠡᠭᠡ ᠵᠠᠩᠭᠢᠵᠢᠯᠲᠠ ᠶᠢᠨ | ᠬᠥᠭᠵᠢᠯᠲᠡ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ | ᠬᠤᠷᠠᠯ ᠠᠴᠠ᠂ ᠬᠢᠨᠠᠯᠲᠠ ᠲᠠᠯᠪᠢᠵᠤ ᠨᠡᠪᠲᠡᠷᠡᠯᠴᠡᠬᠦ ᠶᠢ ᠠᠬᠢᠭᠤᠯᠬᠤ ᠲᠣᠭᠲᠠᠴᠠ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠢᠴᠡᠳ ᠲᠠᠨᠢᠵᠤ᠂ ᠨᠢᠭᠡ ᠬᠥᠯᠭᠡ ᠰᠢᠳᠠᠷ᠎ᠠ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ | ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠡᠷᠡᠭᠴᠡᠭᠡ᠂ ᠠᠷᠠᠳ ᠤᠨ | ᠰᠡᠳᠬᠢᠯ ᠤᠨ ᠬᠠᠨᠳᠤᠰᠢ ᠳᠤ ᠰᠠᠭᠤᠷᠢᠯᠠᠵᠤ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ | ᠠᠭᠤᠰᠤᠯᠴᠠᠭᠤᠯᠵᠤ᠂ ᠬᠢᠨᠠᠯᠲᠠ ᠲᠠᠯᠪᠢᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠷᠠᠳ ᠤᠯᠠᠨ ᠳᠤ | ᠠᠷᠢᠭᠤᠨ ᠴᠢᠬᠡᠴᠢ ᠵᠠᠰᠠᠭ ᠤᠨ ᠣᠷᠳᠣᠨ ᠳᠡᠷᠭᠡᠳᠡ ᠨᠢ ᠨᠢᠳᠦᠨ ᠡᠮᠦᠨ᠎ᠡ ᠪᠠᠶᠢᠬᠤ ᠶᠢ ᠦᠨᠡᠨᠬᠦ ᠮᠡᠳᠡᠷᠡᠭᠦᠯᠬᠦ ᠬᠡᠷᠡᠭᠲᠡᠢ᠃ | | ᠬᠤᠷᠠᠯ ᠠᠴᠠ᠂ ︽ᠬᠤᠶᠠᠷ ᠵᠥᠪᠳᠡᠯᠴᠡᠭᠡᠨ ᠤ ᠬᠤᠷᠠᠯ︾ ᠪᠣᠯ ᠬᠥᠮᠦᠰ ᠤᠨ ᠬᠦᠷᠢᠶᠡᠯᠡᠯ ᠢ ᠣᠯᠬᠤ᠂ ᠲᠦᠷᠢ | ᠲᠥᠷᠬᠦ ᠪᠠᠨ ᠢᠯᠡᠷᠡᠭᠦᠯᠬᠦ᠂ ᠳᠤᠮᠳᠠᠳᠤ ᠭᠠᠳᠠᠭᠠᠳᠤ ᠲᠠᠢ ᠬᠤᠯᠪᠣᠬᠤ ᠰᠠᠶᠢᠨ ᠰᠠᠶᠢᠬᠠᠨ ᠲᠠᠪᠴᠠᠩ ᠪᠣᠯᠤᠨ᠎ᠠ᠃ | ᠠᠵᠢᠯ ᠤᠨ ᠴᠠᠭ ᠪᠠᠴᠢᠮ᠂ ᠡᠭᠦᠷᠭᠡ ᠬᠦᠨᠳᠦ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ︽ᠬᠤᠶᠠᠷ | ᠵᠥᠪᠳᠡᠯᠴᠡᠭᠡᠨ ᠤ ᠬᠤᠷᠠᠯ︾ ᠢ ᠰᠠᠶᠢᠲᠤᠷ ᠡᠷᠬᠢᠯᠡᠵᠦ᠂ ᠡᠷᠬᠢᠯᠡᠭᠴᠢ ᠪᠣᠯᠬᠤ ᠤᠬᠠᠮᠰᠠᠷ ᠢ ᠪᠤᠢ ᠪᠣᠯᠭᠠᠵᠤ᠂ ᠡᠯ᠎ᠡ | ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠤᠰ ᠬᠤᠭᠤᠴᠠᠭᠠᠨ ᠤ ︽ᠬᠤᠶᠠᠷ | ᠵᠥᠪᠳᠡᠯᠴᠡᠭᠡᠨ ᠤ ᠬᠤᠷᠠᠯ︾ ᠢ ᠬᠢᠯᠠᠰ ᠴᠡᠭ ᠲᠤᠪᠤᠶᠢᠮ᠎ᠠ᠂ ᠭᠤᠶᠢᠳᠠ ᠰᠠᠶᠢᠬᠠᠨ ᠡᠷᠬᠢᠯᠡᠬᠦ ᠪᠠᠷ ᠴᠢᠷᠮᠠᠶᠢᠬᠤ ᠬᠡᠷᠡᠭᠲᠡᠢ | ᠃ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠳᠡᠰ ᠢᠶᠠᠨ ᠳᠡᠭᠡᠭᠰᠢᠯᠡᠭᠦᠯᠵᠦ᠂ ᠵᠠᠭᠪᠤᠷ ᠤᠨ ᠰᠢᠨ᠎ᠡ ᠶᠢ ᠡᠭᠦᠳᠴᠦ᠂ | ᠠᠵᠤ ᠠᠬᠤᠢ ᠠᠷᠠᠯᠵᠢᠶᠠᠨ ᠤ ᠶᠠᠷᠢᠶᠠᠨ ᠤ ᠲᠠᠪᠴᠠᠩ᠂ ᠲᠦᠷᠦᠯ ᠵᠦᠢᠯ ᠤᠨ ᠭᠡᠷ᠎ᠡ ᠲᠣᠭᠲᠠᠬᠤ ᠵᠡᠷᠭᠡ | ᠭᠤᠣᠯᠳᠠᠯᠭ᠎ᠠ ᠲᠠᠢ ᠭᠤᠭᠴᠤᠭ᠎ᠠ ᠳᠤ ᠬᠦᠴᠦᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ᠃ ᠭᠠᠳᠠᠭᠠᠳᠤ ᠤᠬᠠᠭᠤᠯᠭ᠎ᠠ ᠶᠢ ᠰᠠᠶᠢᠲᠤᠷ ᠬᠢᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ | ᠪᠣᠭᠤᠮᠲᠠ ᠶᠢᠨ ᠠᠯᠳᠠᠷᠰᠢᠯ᠂ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠪᠠᠲᠤᠯᠠᠭ᠎ᠠ ᠪᠠᠨ ᠴᠢᠩᠭᠠᠳᠬᠠᠵᠤ᠂ ᠬᠦᠯᠢᠶᠡᠨ ᠠᠪᠬᠤ | ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠡᠯ᠎ᠡ | ᠵᠦᠢᠯ ᠤᠨ ᠪᠡᠯᠡᠳᠬᠡᠯ ᠠᠵᠢᠯ ᠢᠶᠠᠨ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ | ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠣᠯ ︽ᠤᠯᠤᠰ ᠲᠦᠷᠦ ᠶᠢᠨ | ᠬᠠᠷᠢᠭᠤᠯᠲᠠ ᠶᠢᠨ ᠬᠠᠭᠤᠳᠠᠰᠤ︾ ᠮᠥᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠴᠢᠬᠤᠯᠠ ᠶᠡᠭᠡ ᠠᠴᠢ | ᠬᠤᠯᠪᠣᠭᠳᠠᠯ ᠢ ᠤᠯᠤᠰ ᠲᠦᠷᠦ ᠪᠣᠯᠤᠨ ᠶᠡᠭᠡ ᠲᠠᠯ᠎ᠠ ᠠᠴᠠ ᠭᠦᠨᠵᠡᠭᠡᠢ ᠲᠠᠨᠢᠵᠤ᠂ ᠨᠠᠮ ᠪᠣᠯᠤᠨ ᠠᠵᠢᠯ ᠦᠢᠯᠡᠰ ᠲᠤ | ᠬᠠᠷᠢᠭᠤᠴᠠᠬᠤ ᠢᠯᠡ ᠲᠣᠳᠣ ᠣᠪᠣᠷ ᠪᠣᠯᠤᠨ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠤᠯᠤᠰ ᠲᠦᠷᠦ ᠶᠢᠨ ᠡᠭᠦᠷᠭᠡ ᠶᠢ ᠲᠡᠷᠡ ᠬᠡᠪ ᠢᠶᠠᠷ ᠨᠢ ᠰᠠᠶᠢᠲᠤᠷ ᠪᠡᠶᠡᠯᠡᠭᠦᠯᠬᠦ ᠬᠡᠷᠡᠭᠲᠡᠢ | ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠴᠢᠩᠭᠠᠳᠬᠠᠵᠤ᠂ ᠬᠢᠨᠠᠯᠲᠠ ᠲᠠᠯᠪᠢᠵᠤ | ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠦᠨᠡᠨ ᠬᠦ | ᠪᠣᠳᠠᠲᠠᠢ ᠳᠤ ᠨᠠᠶᠢᠳᠠᠪᠤᠷᠢᠵᠢᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠵᠤ᠂ | ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠦᠴᠦᠲᠡᠢ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ |