| | 8 ᠳ᠋ᠤᠭᠠᠷ ᠰᠠᠷ᠎ᠠ ᠶᠢᠨ 7 ᠤ ᠣᠷᠣᠢ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠪᠡᠭᠡᠵᠢᠩ | ᠵᠦᠴᠦᠭᠡ ᠶᠢᠨ ᠪᠦᠯᠬᠦᠮ ᠤᠨ ᠠᠪᠴᠢᠷᠠᠭᠰᠠᠨ ᠵᠤᠨ ᠤ ᠣᠯᠠᠷᠢᠯ ᠤᠨ ᠦᠳᠡᠰᠢᠯᠡᠭᠡ ᠶᠢᠨ ᠪᠡᠭᠡᠵᠢᠩ ᠵᠦᠴᠦᠭᠡ ᠶᠢᠨ ᠲᠤᠰᠬᠠᠶ | ᠲᠣᠭᠯᠠᠯᠲᠠ ᠠᠪᠤᠷᠭᠤ ᠭᠦᠷᠪᠡᠯ ᠤᠨ ᠲᠠᠯᠠᠪᠠᠶ ᠳᠤ ᠶᠠᠪᠤᠭᠳᠠᠪᠠ᠃ | ᠲᠣᠭᠯᠠᠭᠴᠢᠳ ᠭᠤᠶᠢᠳᠠ ᠰᠠᠶᠢᠬᠠᠨ ᠲᠣᠭᠯᠠᠯᠲᠠ ᠪᠠᠷ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠪᠠᠶᠢᠨ ᠪᠠᠶᠢᠨ | ᠣᠯᠵᠤ ᠪᠠᠶᠢᠯ᠎ᠠ᠃ | ᠪᠡᠭᠡᠵᠢᠩ ᠵᠦᠴᠦᠭᠡ ᠪᠣᠯ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠪᠡᠯᠭᠡ ᠲᠡᠮᠳᠡᠭ᠂ ᠪᠡᠭᠡᠵᠢᠩ | ᠵᠦᠴᠦᠭᠡ ᠶᠢᠨ ᠤᠷᠠᠯᠢᠭ ᠨᠢ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠤᠨ ᠣᠬᠢ ᠰᠣᠳᠣ ᠶᠢ ᠲᠥᠪᠯᠡᠷᠡᠭᠦᠯᠦᠨ | ᠢᠯᠡᠷᠡᠭᠦᠯᠵᠦ᠂ ᠣᠨᠴᠠᠭᠠᠢ ᠳᠠᠭᠤᠤ ᠨᠢ ᠥᠷᠭᠡᠨ ᠣᠯᠠᠨ ᠲᠦᠮᠡᠨ ᠤ ᠪᠠᠭ᠋ᠠᠷᠬᠠᠯ ᠢ ᠭᠦᠨ ᠣᠯᠵᠠᠢ᠃ | ᠰᠢ ᠬᠤᠷᠣᠬᠠᠢᠢᠴᠤᠳ ᠾᠥᠸᠧ ᠠᠪᠤᠭᠠᠢ᠄ ︽ᠪᠢ ᠪᠡᠭᠡᠵᠢᠩ ᠰᠢ ᠶᠢ ᠶᠡᠭᠡ ᠳᠣᠭᠤᠨᠠ᠂ ᠡᠨᠡ ᠪᠣᠯ ᠮᠢᠨᠤ ᠲᠦᠷᠦᠭᠦᠦ | ᠣᠳᠠᠭᠠᠨ ᠤ ᠭᠡᠷ ᠤᠨ ᠡᠭᠦᠳᠡᠨ ᠠᠴᠠ ᠪᠡᠭᠡᠵᠢᠩ ᠵᠦᠴᠦᠭᠡ ᠶᠢ ᠦᠵᠡᠵᠦ ᠪᠠᠶᠢᠨ᠎ᠠ᠃ ᠲᠣᠭᠯᠠᠭᠴᠢᠳ ᠤᠨ ᠠᠮᠢᠳᠦ | ᠲᠣᠭᠯᠠᠯᠲᠠ ᠨᠢ ᠮᠠᠨ ᠤ ᠪᠡᠭᠡᠵᠢᠩ ᠵᠦᠴᠦᠭᠡ ᠶᠢᠨ ᠰᠣᠶᠣᠯ ᠳᠤ ᠨᠡᠩ ᠰᠢᠭᠤᠳ ᠲᠥᠷᠥᠭᠳᠡᠯ ᠣᠯᠭᠤᠵᠠᠢ᠃ ᠡᠶᠢᠮᠦ | ᠠᠵᠢᠯᠯᠠᠭ᠎ᠠ ᠶᠢ ᠢᠯᠡᠭᠦᠬᠡᠨ ᠡᠷᠬᠢᠯᠡᠬᠦ ᠶᠢ ᠬᠦᠰᠡᠵᠦ ᠪᠠᠶᠢᠨ᠎ᠠ︾᠃ | ᠲᠠᠶᠢᠰᠠᠨ ᠳᠡᠭᠡᠷᠡᠬᠢ ᠨᠢᠭᠡ ᠮᠢᠨᠦ᠋ᠲ᠂ ᠲᠠᠶᠢᠰᠠᠨ ᠳᠣᠣᠷᠡᠬᠢ ᠠᠷᠪᠠᠨ ᠵᠢᠯ᠃ ᠪᠦᠬᠦ᠋ᠢᠯᠡ ᠲᠣᠭᠯᠠᠯᠲᠠ ᠨᠢ ᠭᠤᠶᠢᠳᠠ | ᠰᠠᠶᠢᠬᠠᠨ ᠪᠠᠶᠢᠵᠤ᠂ ᠰᠦᠷ ᠳᠠᠯᠠᠶᠢᠴᠠᠲᠠᠢ ᠶᠠᠪᠤᠭᠳᠠᠵᠤ᠂ ᠪᠣᠭᠤᠮᠲᠠ ᠶᠢᠨ ᠠᠷᠠᠳ ᠲᠦᠮᠡᠨ ᠳᠤ ︽ᠤᠯᠤᠰ ᠤᠨ ᠵᠠᠰᠠᠯ︾ ᠤᠨ | ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠪᠡ᠃ |