| | 39 ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9 ᠰᠠᠷ᠎ᠠ ᠶᠢᠨ 9 ᠤ ᠡᠳᠦᠷ᠂ ᠮᠠᠨ ᠤ ᠬᠤᠲᠠ | ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ | ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ | ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠹᠷᠣᠨᠲ ᠤᠨ ᠰᠢᠯᠢᠳᠡᠭ ᠪᠠᠭᠰᠢ᠂ ᠰᠢᠯᠢᠳᠡᠭ | ᠠᠩᠭᠢ ᠶᠢᠨ ᠡᠷᠬᠢᠯᠡᠭᠴᠢ᠂ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠢ ᠬᠥᠬᠢᠭᠦᠯᠦᠨ ᠰᠠᠶᠢᠰᠢᠶᠠᠵᠤ᠂ ᠰᠤᠷᠭᠠᠨ | ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ | ᠨᠠᠮ ᠤᠨ ᠬᠤᠷᠢᠶᠠᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠰᠠᠨ ᠱᠢ ᠬᠤᠷᠠᠯ ᠳᠤ ᠣᠷᠣᠯᠴᠠᠨ | ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ | ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠶᠠᠨ ᠬᠤᠩ ᠬᠤᠷᠠᠯ ᠳᠤ ᠣᠷᠣᠯᠴᠠᠪᠠ᠃ | | | | | | ᠬᠤᠷᠠᠯ ᠠᠴᠠ ᠪᠦᠬᠦ ᠬᠤᠲᠠ ᠶᠢᠨ ᠰᠤᠷᠭᠠᠨ ᠬᠥᠮᠦᠵᠢᠯ ᠤᠨ ᠠᠵᠢᠯ ᠤᠨ ᠪᠠᠶᠢᠳᠠᠯ ᠢ ᠮᠡᠳᠡᠭᠳᠡᠵᠦ᠂ ᠬᠥᠬᠢᠭᠦᠯᠦᠨ | ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠰᠢᠯᠢᠳᠡᠭ ᠪᠠᠭᠰᠢ᠂ ᠰᠢᠯᠢᠳᠡᠭ ᠠᠩᠭᠢ ᠶᠢᠨ ᠡᠷᠬᠢᠯᠡᠭᠴᠢ᠂ | ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ ᠳᠤ ᠱᠠᠩᠨᠠᠯ ᠭᠠᠷᠳᠠᠭᠤᠯᠪᠠ᠃ | ᠸᠠᠩ ᠰᠠᠨ ᠱᠢ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠪᠣᠯᠤᠨ ᠪᠥᠬᠦ ᠬᠤᠲᠠ ᠶᠢᠨ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠲᠥᠯᠥᠭᠡᠯᠡᠨ ᠪᠥᠬᠦ ᠬᠤᠲᠠ ᠶᠢᠨ ᠥᠷᠭᠡᠨ ᠣᠯᠠᠨ ᠪᠠᠭᠰᠢ ᠪᠣᠯᠤᠨ | ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠡᠷᠢᠶᠡᠨ ᠬᠤᠲᠠ ᠶᠢᠨ | ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠦᠨᠳᠦᠰᠦᠲᠡᠨ ᠡᠯ᠎ᠡ | ᠡᠲᠡᠭᠡᠳ ᠤᠨ ᠬᠥᠮᠦᠰ ᠲᠤ ᠡᠷᠬᠢᠮ ᠳᠡᠭᠡᠳᠦ ᠬᠦᠨᠳᠦᠳᠬᠡᠯ ᠪᠠ ᠲᠠᠯᠠᠷᠬᠠᠯ ᠢᠶᠠᠨ ᠳᠡᠪᠰᠢᠭᠦᠯᠪᠡ᠃ | | | ᠸᠠᠩ ᠰᠠᠨ ᠱᠢ᠂ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠳᠠᠭᠠᠭᠠᠯᠭᠠᠵᠤ᠂ ᠰᠢᠨ᠎ᠡ ᠠᠶᠠᠨ ᠵᠠᠮ ᠰᠢᠨ᠎ᠡ ᠵᠢᠳᠬᠦᠯ | ᠴᠢᠷᠮᠠᠶᠢᠯᠭ᠎ᠠ ᠶᠢ ᠤᠷᠢᠶᠠᠯᠠᠪᠠ᠃ ᠪᠦᠬᠦ ᠬᠤᠳᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠤᠰ ᠤᠳᠠᠭ᠎ᠠ ᠶᠢᠨ ᠬᠤᠷᠠᠯ | ᠬᠤᠷᠠᠯᠳᠤᠭᠤᠯᠬᠤ ᠪᠠᠷ ᠪᠦᠬᠦ ᠬᠤᠳᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠭᠠᠷᠤᠭ᠎ᠠ ᠪᠣᠯᠭᠠᠵᠤ᠂ ︽ | ᠡᠷᠢᠶᠡᠨ ᠬᠤᠳᠠ ᠶᠢᠨ ᠰᠢᠨ᠎ᠡ ᠴᠠᠭ ᠦᠶ᠎ᠡ ᠶᠢᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠬᠡᠷᠡᠭᠵᠢᠭᠦᠯᠬᠦ ᠲᠥᠰᠦᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ | ᠠᠳᠬᠤᠵᠤ᠂ ᠡᠷᠢᠶᠡᠨ ᠬᠤᠳᠠ ᠶᠢᠨ ᠰᠤᠷᠭᠠᠨ ᠬᠥᠮᠦᠵᠢᠯ ᠢ ᠴᠢᠷᠮᠠᠶᠢᠨ ᠬᠥᠭᠵᠢᠭᠦᠯᠬᠦ ᠬᠡᠷᠡᠭᠲᠡᠢ᠃ ᠵᠥᠷᠢᠶ᠎ᠡ ᠪᠣᠯᠤᠨ | ᠬᠦᠷᠦᠯᠴᠡᠬᠦ ᠦᠭᠡᠢ ᠲᠠᠯ᠎ᠠ ᠳᠤ ᠵᠥᠪ ᠢᠶᠠᠷ ᠬᠠᠨᠳᠤᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠰᠤᠷᠭᠠᠨ ᠬᠥᠮᠦᠵᠢᠯ ᠤᠨ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠠᠴᠠ ᠭᠠᠷᠳᠠᠵᠤ᠂ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ ᠢ ᠨᠥᠯᠥᠭᠡᠯᠡᠬᠦ ᠵᠢᠵᠢᠭ ᠰᠠᠵᠢᠭ ᠵᠦᠢᠯ ᠠᠴᠠ ᠭᠠᠷᠳᠠᠵᠤ᠂ ᠲᠤᠰᠬᠠᠢ ᠮᠡᠷᠭᠡᠵᠢᠯ ᠤᠨ ᠬᠥᠮᠦᠰ ᠢ | ᠲᠤᠰᠬᠠᠢ ᠮᠡᠷᠭᠡᠵᠢᠯ ᠤᠨ ᠠᠵᠢᠯ ᠬᠢᠯᠭᠡᠵᠦ᠂ ᠤᠰᠤᠨ ᠳᠤᠰᠤᠯ ᠴᠢᠯᠠᠭᠤ ᠪᠠᠷ ᠡᠮᠦᠰᠬᠦ ᠵᠣᠷᠢᠭ ᠰᠠᠨᠠᠭ᠎ᠠ ᠪᠠᠷ ᠤᠳᠠᠭᠠᠨ | ᠳᠠᠭᠠᠭᠠᠮᠠᠭᠠᠢ ᠠᠵᠢᠯᠯᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ | ᠡᠷᠬᠢᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠬᠦᠨᠳᠦᠳᠬᠡᠵᠦ᠂ ᠤᠳᠤᠷᠢᠳᠬᠤ ᠪᠠᠭ ᠤᠨ ᠪᠠᠶᠢᠭᠤᠯᠤᠯᠲᠠ | ᠂ ᠪᠠᠶᠢᠭᠤᠯᠤᠮᠵᠢ ᠲᠣᠭᠲᠠᠴᠠ ᠶᠢᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠢᠳᠠᠪᠤᠷᠢ ᠶᠢᠨ ᠲᠠᠯ᠎ᠠ ᠪᠠᠷ | ᠴᠢᠩᠭ᠎ᠠ᠂ ᠪᠠᠭᠰᠢ ᠶᠢᠨ ᠮᠣᠷᠠᠯ ᠢᠶᠠᠷ ᠴᠢᠩᠭ᠎ᠠ ᠨᠢᠭᠡᠨ ᠰᠠᠯᠠᠭ᠎ᠠ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠰᠤᠷᠭᠠᠨ | ᠬᠥᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ | ᠬᠥᠮᠦᠵᠢᠯ ᠤᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠵᠢᠭᠠᠨ ᠰᠤᠷᠭᠠᠯᠲᠠ ᠶᠢᠨ ᠰᠤᠳᠤᠯᠭᠠᠨ ᠢ ᠰᠠᠶᠢᠲᠤᠷ | ᠠᠳᠬᠤᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠵᠤ᠂ ︽ᠬᠤᠶᠠᠷ ᠢ ᠬᠦᠩᠬᠡᠯᠡᠬᠦ︾ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠰᠤᠷᠭᠠᠭᠤᠯᠢ ᠶᠢᠨ ᠬᠡᠷ ᠪᠦᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ | ᠲᠣᠭᠲᠠᠴᠠ ᠶᠢ ᠪᠦᠷᠢᠨᠰᠢᠬᠦᠯᠵᠤ᠂ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠬᠡᠷᠡᠭᠲᠡᠶ᠃ ᠨᠠᠮ ᠤᠨ ᠰᠤᠷᠭᠠᠨ | ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠬᠠᠮᠲᠤᠪᠠᠷ ᠠᠵᠢᠯᠯᠠᠵᠤ᠂ ᠰᠤᠷᠭᠠᠨ ᠬᠥᠮᠦᠵᠢᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | | | | | | ᠯᠦ ᠪᠦᠦ ᠳ᠋ᠦᠩ ᠶᠠᠷᠢᠶᠠᠨ ᠳᠠᠭᠠᠨ᠂ ᠪᠦᠬᠦ ᠬᠤᠳᠠ ᠪᠠᠷ ᠢᠶᠠᠨ ᠰᠤᠷᠭᠠᠨ ᠬᠥᠮᠦᠵᠢᠯ ᠤᠨ ᠦᠢᠯᠡᠰ ᠢ ᠪᠣᠭᠤᠮᠲᠠ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠤᠮᠵᠢ ᠶᠢᠨ ᠴᠢᠨᠠᠷᠲᠠᠢ ᠠᠵᠢᠯ ᠪᠣᠯᠭᠠᠨ ᠠᠳᠬᠤᠵᠤ᠂ ᠰᠢᠰᠲ᠋ᠧᠮ ᠲᠠᠢ | ᠠᠬᠢᠭᠤᠯᠬᠤ᠂ ᠪᠦᠬᠦ ᠲᠠᠯ᠎ᠠ ᠪᠠᠷ ᠳᠤᠲᠠᠭᠤᠳᠠᠯ ᠢ ᠨᠥᠬᠦᠪᠥᠷᠢᠯᠡᠬᠦ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠳᠠᠯᠭ᠎ᠠ ᠶᠢ | ᠴᠢᠩᠭ᠎ᠠ ᠠᠩᠬᠠᠷᠴᠤ᠂ ᠰᠤᠷᠭᠠᠨ ᠬᠥᠮᠦᠵᠢᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ | ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠪᠣᠭᠤᠮᠲᠠ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ | ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ | ᠶᠡᠷᠦᠩᠬᠡᠶᠢᠯᠡᠨ ᠠᠳᠬᠤᠬᠤ᠂ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠵᠠᠰᠠᠭ ᠤᠨ | ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠶᠢᠩᠭᠤ ᠶᠢᠨ ᠴᠢᠨᠠᠷᠲᠠᠶ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ︽ᠬᠡᠷᠡᠭᠵᠢᠭᠦᠯᠬᠦ ᠲᠥᠰᠦᠯ︾ ᠤᠨ ᠲᠣᠭᠤᠷᠢᠨ ᠳᠤ ᠪᠣᠳᠠᠲᠠᠶ | ᠨᠠᠷᠢᠯᠢᠭ ᠠᠳᠬᠤᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ | ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠶ᠃ | ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠲᠠ ᠶᠢᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠲᠣᠪᠴᠢᠶ᠎ᠠ ᠶᠢᠨ | ᠪᠠᠭ ᠤᠨ ᠪᠦᠷᠢᠯᠳᠦᠬᠦᠨ ᠵᠢᠴᠢ ᠵᠠᠩᠭᠢᠯᠠᠭ᠎ᠠ ᠶᠢᠨ ᠺᠠᠳ᠋ᠷ᠂ ᠡᠯ᠎ᠡ ᠰᠤᠷᠭᠠᠭᠤᠯᠢ ︵ᠬᠡᠤᠬᠡᠳ ᠤᠨ ᠴᠡᠴᠡᠷᠯᠢᠭ︶ ᠶᠢᠨ ᠪᠥᠬᠦ | ᠪᠠᠭᠰᠢ ᠠᠵᠢᠯᠲᠠᠨ᠂ ᠬᠡᠰᠡᠭ ᠬᠡᠷ ᠤᠨ ᠠᠬᠠᠮᠠᠳ ᠪᠣᠯᠤᠨ ᠰᠣᠷᠣᠭᠴᠢ ᠶᠢᠨ ᠲᠥᠯᠥᠭᠡᠯᠡᠭᠴᠢ ᠨᠡᠶᠢᠲᠡ 1100 ᠭᠠᠷᠤᠶ | ᠬᠥᠮᠦᠨ ᠬᠤᠷᠠᠯ ᠳᠤ ᠣᠷᠣᠯᠴᠠᠵᠠᠶ᠃ | | |