| | 9 ᠰᠠᠷ᠎ᠠ ᠶᠢᠨ 10 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ | ᠳᠤᠭᠤᠶᠢᠯᠠᠩ 2023 ᠣᠨ ᠤ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠵᠦ᠂ ᠬᠤᠲᠠ ᠶᠢᠨ | ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠸᠢᠳᠢᠤ᠋ ᠬᠡᠯᠪᠡᠷᠢ ᠪᠠᠷ ᠰᠤᠷᠤᠯᠴᠠᠯᠭ᠎ᠠ ᠶᠢᠨ | ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠰᠡᠳᠦᠪᠲᠦ ᠬᠥᠮᠦᠵᠢᠯ ᠢ | ᠥᠷᠨᠢᠭᠦᠯᠬᠦ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠵᠤ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠤᠷᠤᠭᠰᠢᠲᠠᠶ | ᠥᠷᠨᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ | ᠴᠧᠩ ᠰᠤᠷᠤᠯᠴᠠᠯᠭ᠎ᠠ ᠶᠢᠨ ᠬᠤᠷᠠᠯ ᠢ ᠡᠷᠭᠢᠯᠡᠪᠡ᠃ | ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠦ ᠪᠦᠦ ᠳ᠋ᠦᠩ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠵᠡᠷᠭᠡ | ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠪᠦᠷᠢᠯᠳᠦᠬᠦᠨ ᠵᠢᠴᠢ | ᠬᠤᠳᠠ ᠶᠢᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠳᠠ ᠶᠢᠨ ᠬᠤᠪᠢᠶᠠᠷᠢ | ᠬᠤᠷᠠᠯ ᠤᠨ ᠲᠠᠯᠠᠪᠠᠢ ᠳᠤ ᠰᠤᠷᠤᠯᠴᠠᠯᠭ᠎ᠠ ᠳᠤ ᠣᠷᠣᠯᠴᠠᠪᠠ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠢᠦᠶ | ᠯᠢᠶᠠᠨ ᠷᠦᠢ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠬᠢᠵᠦ᠂ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ | ᠤᠬᠠᠭᠠᠨᠴᠢ ᠰᠢᠰᠲ᠋ᠧᠮ᠂ ᠵᠣᠷᠢᠭ ᠰᠠᠨᠠᠭᠠᠨ ᠤ ᠮᠥᠨ ᠴᠢᠨᠠᠷ ᠪᠣᠯᠤᠨ ᠭᠤᠤᠯ ᠰᠡᠳᠦᠪᠲᠦ ᠬᠥᠮᠦᠵᠢᠯ ᠢ | ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠶᠢᠯᠪᠤᠷᠢᠯᠠᠪᠠ᠃ | ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠣᠯ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠶᠢ ᠲᠠᠭᠠᠵᠤ᠂ | ᠦᠢᠯᠡᠳᠦᠯᠭᠡ ᠶᠢᠨ ᠬᠥᠭᠵᠢᠯᠲᠡ ᠶᠢᠨ ᠬᠡᠷᠡᠭᠴᠡᠭᠡ᠂ ᠠᠷᠠᠳ ᠤᠯᠠᠨ ᠤ ᠬᠦᠰᠡᠯ ᠡᠷᠡᠮᠡᠯᠵᠡᠯ ᠢ ᠡᠭᠦᠳᠦᠨ | ᠪᠠᠶᠢᠭᠤᠯᠤᠭᠰᠠᠨ ᠶᠤᠮ᠂ ᠰᠢᠨ᠎ᠡ ᠴᠠᠭ ᠦᠶ᠎ᠡ ᠶᠢᠨ ᠰᠦᠷ ᠳᠠᠯᠠᠶᠢᠴᠠᠲᠠᠢ ᠪᠦᠲᠦᠭᠡᠯᠴᠢ ᠴᠢᠨᠠᠷᠲᠠᠢ ᠦᠢᠯᠡᠳᠦᠯᠭᠡ ᠶᠢ | ᠵᠢᠯᠣᠭᠤᠳᠬᠤ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠵᠦ᠂ ᠪᠦᠬᠦ ᠨᠠᠮ ᠪᠦᠬᠦ ᠤᠯᠤᠰ ᠤᠨ | ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ | ᠲᠥᠯᠥᠭᠡ ᠲᠡᠮᠡᠴᠡᠬᠦ ᠠᠵᠢᠯᠯᠠᠭᠠᠨ ᠤ ᠵᠦᠭᠯᠡᠭᠦᠷ ᠪᠣᠯᠤᠨ᠎ᠠ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠵᠤ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠤᠯᠤᠰ ᠲᠦᠷᠦ ᠶᠢᠨ | ᠮᠡᠳᠡᠷᠡᠮᠵᠢ᠂ ᠦᠵᠡᠯ ᠰᠠᠨᠠᠭᠠᠨ ᠤ ᠮᠡᠳᠡᠷᠡᠮᠵᠢ᠂ ᠤᠨᠤᠯ ᠤᠨ ᠮᠡᠳᠡᠷᠡᠮᠵᠢ᠂ ᠬᠠᠶᠢᠷ᠎ᠠ ᠰᠡᠳᠬᠢᠯᠭᠡ ᠶᠢᠨ ᠮᠡᠳᠡᠷᠡᠮᠵᠢ ᠶᠢ | ᠦᠷᠭᠦᠯᠵᠢᠯᠡᠨ ᠨᠡᠮᠡᠭᠳᠡᠭᠦᠯᠵᠦ᠂ ᠲᠡᠭᠦᠨ ᠳᠤ ᠠᠭᠤᠯᠤᠭᠳᠠᠵᠤ ᠪᠠᠶᠢᠭ᠎ᠠ ᠤᠳᠤᠷᠢᠳᠬᠤ ᠠᠷᠭ᠎ᠠ᠂ ᠦᠵᠡᠯ ᠰᠠᠨᠠᠭᠠᠨ ᠤ | ᠠᠷᠭ᠎ᠠ ᠪᠣᠯᠤᠨ ᠠᠵᠢᠯ ᠤᠨ ᠠᠷᠭ᠎ᠠ ᠶᠢ ᠪᠣᠯᠪᠠᠰᠤᠷᠠᠩᠭᠤᠢ ᠡᠵᠡᠮᠰᠢᠵᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ | ᠬᠥᠭᠵᠢᠯᠲᠡ ᠶᠢ ᠠᠬᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠪᠦᠬᠦ ᠣᠷᠣᠨ ᠤ ︽ᠰᠢᠨ᠎ᠡ | ᠵᠠᠮ ᠢ ᠨᠡᠭᠡᠭᠡᠬᠦ᠂ ᠳᠤᠮᠳᠠ ᠣᠷᠣᠰᠬᠠᠯ ᠳᠤ ᠣᠷᠣᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠠᠯ᠎ᠠ ᠪᠠᠷ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠡᠭᠦᠷᠭᠡᠯᠡᠯ ᠢ ᠢᠯᠡᠷᠡᠭᠦᠯᠬᠦ ᠪᠠᠷ ᠴᠢᠷᠮᠠᠶᠢᠬᠤ ᠬᠡᠷᠡᠭᠲᠡᠢ᠃ |