ᠡᠷᠢᠶᠡᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠤ 8 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠡᠭᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/9/12
  ᠡᠨᠡ ᠵᠢᠯ ᠠᠴᠠ ᠨᠠᠰᠢ᠂ ᠡᠷᠢᠶᠡᠨ ᠭᠠᠶᠢᠯᠢ ᠶᠢᠨ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ 16 ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠪᠣᠭᠤᠮᠲᠠ ᠶᠢᠨ ᠡᠮᠦᠨ᠎ᠡ 8 ᠰᠠᠷ᠎ᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠵᠦ᠂ 1183.9 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 63% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠣᠷᠣᠭᠤᠯᠤᠯᠲᠠ 950.5 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 69.1% ᠪᠠᠷ ᠨᠡᠮᠡᠭᠳᠡᠪᠡ︔ ᠭᠠᠳᠠᠭᠠᠳᠤ ᠭᠠᠷᠭᠠᠯᠲᠠ 233.4 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 41.9% ᠪᠠᠷ ᠨᠡᠮᠡᠭᠳᠡᠪᠡ᠃
  ᠣᠶᠢᠯᠠᠭᠠᠭᠰᠠᠨ ᠢᠶᠠᠷ᠂ ᠡᠷᠢᠶᠡᠨ ᠪᠣᠭᠤᠮᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠡᠷᠭᠡ ᠪᠣᠭᠤᠮᠲᠠ ᠪᠠᠷ ᠳᠥᠭᠦᠮ ᠳᠥᠲᠡ ᠥᠩᠭᠡᠷᠡᠬᠦ ᠵᠠᠭᠪᠤᠷ ᠢ ᠯᠠᠪᠳᠠᠭᠤᠨ ᠪᠠᠲᠤᠲᠠᠢ ᠠᠬᠢᠭᠤᠯᠵᠤ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠤᠯᠠᠨ ᠠᠷᠭ᠎ᠠ ᠵᠠᠮ ᠢᠶᠠᠷ ᠰᠠᠶᠢᠲᠤᠷ ᠬᠢᠵᠦ᠂ ᠪᠣᠭᠤᠮᠲᠠ ᠶᠢᠨ ᠥᠷᠭᠡᠨ ᠤᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠢ ᠲᠦᠷᠦ ᠶᠢᠨ ᠪᠤᠳᠤᠯᠭ᠎ᠠ ᠶᠢᠨ ᠠᠰᠢᠭ ᠬᠦᠷᠲᠡᠭᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号