ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/9/13
     9 ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠰᠧᠴᠤᠸᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠪᠠᠶᠢᠳᠠᠯ ᠢ ᠰᠤᠳᠤᠯᠤᠨ ᠮᠠᠭᠠᠳᠯᠠᠵᠤ ᠵᠠᠳᠠᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠬᠤᠷᠠᠯ ᠳᠤ ᠣᠷᠣᠯᠴᠠᠪᠠ᠃    ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠠᠶ ᠶᠢ ᠡᠷᠬᠢᠮᠯᠡᠬᠦ ᠠᠷᠭ᠎ᠠ ᠬᠡᠮᠵᠢᠶ᠎ᠡ ᠶᠢ ᠭᠦᠨᠵᠡᠭᠡᠶ ᠲᠥᠯᠥᠪᠵᠢᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠃ ᠣᠳᠣᠬᠠᠨ ᠤ ᠭᠠᠩ ᠬᠠᠭᠰᠠᠷᠠᠭᠠᠨ ᠤ ᠪᠠᠶᠢᠳᠠᠯ ᠳᠤ ᠴᠢᠭᠯᠡᠭᠦᠯᠦᠨ᠂ ᠡᠯ᠎ᠡ ᠰᠠᠯᠠᠭ᠎ᠠ ᠮᠥᠴᠢᠷ ᠤᠨ ᠬᠢᠨ ᠦᠷᠭᠦᠯᠵᠢᠯᠡᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠮᠠᠯᠴᠢᠳ ᠢ ᠬᠠᠪᠰᠤᠷᠤᠨ ᠭᠠᠩ ᠬᠠᠭᠰᠠᠷᠠᠭᠠᠨ ᠤ ᠪᠠᠶᠢᠳᠠᠯ ᠢ ᠲᠤᠭᠤᠯᠤᠨ᠂ ᠮᠠᠯᠴᠢᠳ ᠤᠨ ᠦᠢᠯᠡᠳᠪᠣᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ ᠭᠡᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠱᠠᠭᠠᠷᠳᠠᠯᠭ᠎ᠠ ᠪᠣᠯᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠣᠨᠣᠪᠴᠢᠲᠠᠢ ᠡᠵᠡᠮᠳᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠤᠷᠢᠳᠠᠪᠠᠷ ᠬᠢᠵᠦ᠂ ᠤᠷᠢᠳᠠᠪᠠᠷ ᠪᠣᠳᠣᠯᠬᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠰᠢᠯᠭᠠᠬᠤ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号