ᠪᠦᠬᠦ ᠠᠷᠠᠳ ᠤᠨ ᠪᠡᠶ᠎ᠡ ᠴᠢᠬᠢᠷᠠᠭᠵᠢᠭᠤᠯᠤᠨ᠎ᠠ︕ ᠮᠠᠨ ᠤ ᠬᠤᠲᠠ ᠲᠠᠢ ᠵᠢᠶ ᠨᠢᠳᠤᠷᠭ᠎ᠠ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/9/13
  ᠳᠣᠯᠣᠳᠤᠭᠠᠷ ︽ᠳᠡᠯᠡᠬᠡᠶ ᠶᠢᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠡᠳᠦᠷ︾ ᠢ ᠤᠭᠲᠤᠬᠤ ᠶᠢᠨ ᠲᠥᠯᠥᠭᠡ᠂ 9 ᠰᠠᠷ᠎ᠠ ᠶᠢᠨ 11 ᠤ ᠡᠳᠦᠷ᠂ ᠲᠠᠢ ᠵᠢᠶ ᠨᠢᠳᠤᠷᠭᠠᠨ ᠲᠠᠮᠢᠷ ᠤᠨ ᠰᠣᠯᠢᠯᠴᠠᠭᠠᠨ ᠤ ᠠᠵᠢᠯᠯᠠᠭ᠎ᠠ ᠥᠷᠨᠢᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠳ᠋ᠦᠩ ᠵᠢᠶᠧ ᠹᠧᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠫᠢᠩ ᠸᠠᠩ ᠠᠵᠢᠯᠯᠠᠭ᠎ᠠ ᠳᠤ ᠣᠷᠣᠯᠴᠠᠪᠠ᠃    ᠲᠤᠰ ᠠᠵᠢᠯᠯᠠᠭ᠎ᠠ ᠨᠢ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠳᠤᠷ᠎ᠠ ᠪᠠᠭ᠋ᠠᠲᠠᠳ ᠤᠨ ︽ᠨᠠᠢᠮᠠᠨ ᠵᠤᠷᠪᠤᠰ ᠬᠡᠮᠡᠷᠯᠢᠭ︾  ᠭᠡᠬᠦ ᠳᠣᠭᠯᠠᠯᠳᠠ ᠶᠢᠨ ᠳᠤᠮᠳᠠ ᠬᠥᠰᠢᠭᠡ ᠪᠠᠨ ᠰᠡᠬᠦᠪᠡ᠃ ᠤᠯᠠᠨ ᠢᠶᠠᠷ ᠢᠶᠠᠨ ᠬᠤᠪᠴᠠᠰᠤ ᠵᠠᠰᠠᠯ ᠨᠢ ᠨᠢᠭᠡᠳᠦᠯᠲᠡᠢ᠂ ᠴᠤᠭ ᠵᠢᠪᠬᠤᠭ᠎ᠠ ᠲᠡᠭᠦᠯᠳᠡᠷ ᠪᠠᠶᠢᠵᠤ᠂ ᠬᠥᠳᠡᠯᠵᠦ ᠪᠠᠷᠢᠬᠤ ᠨᠢ ᠬᠦᠩᠬᠡᠨ᠂ ᠤᠶᠠᠨ ᠬᠠᠳᠠᠨ ᠳᠤᠮᠳᠠ ᠬᠠᠲᠠᠭᠤ ᠲᠠᠢ ᠪᠠᠶᠢᠵᠤ᠂ ᠲᠠᠭᠠᠯᠠᠮᠵᠢᠲᠠᠢ ᠬᠥᠭᠵᠢᠮ ᠢ ᠳᠠᠭᠠᠯᠳᠤᠨ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠭᠤᠶᠢᠳᠠ ᠰᠠᠶᠢᠬᠠᠨ ᠦᠵᠡᠮᠵᠢ ᠶᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠢᠳᠡᠷ ᠥᠲᠡᠯᠦᠭᠡ ᠨᠠᠰᠤᠨ ᠤ ᠪᠠᠶᠠᠰᠤᠩᠭᠤᠢ ᠥᠭᠡᠳᠡᠷᠬᠡᠭ ︽ᠴᠤᠭ ᠰᠦᠯᠳᠡ︾ ᠶᠢ ᠢᠯᠡᠷᠡᠭᠦᠯᠪᠡ᠃    ᠳᠠᠷᠠᠭ᠎ᠠ ᠨᠢ᠂ ᠪᠥᠬᠦ ᠬᠤᠲᠠ ᠶᠢᠨ ᠡᠯ᠎ᠡ ᠨᠡᠶᠢᠭᠡᠮ ᠲᠣᠭᠤᠷᠢᠭ᠂ ᠰᠤᠮᠤ ᠶᠢᠨ 9 ᠲᠥᠯᠥᠭᠡᠯᠡᠭᠴᠢᠳ ᠤᠨ ᠠᠩᠭᠢ ᠶᠢᠨ 80 ᠭᠠᠷᠤᠶ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠠᠭ᠋ᠠᠳᠠᠳ ᠲᠣᠰ ᠲᠣᠰ ᠲᠣᠭᠯᠠᠯᠲᠠ ᠭᠠᠷᠭᠠᠵᠤ᠂ ᠡᠮᠦᠨ᠎ᠡ ᠭᠤᠷᠪᠠ ᠶᠢ ᠰᠢᠯᠭᠠᠷᠠᠭᠤᠯᠪᠠ᠃    ᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠭᠰᠡᠨ ᠨᠢ᠄ ︽ᠲᠠᠷᠠᠭᠠᠴᠢ ᠶᠢᠨ ᠠᠯᠬᠤᠮ ᠳᠤ᠂ ᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠪᠠᠰᠠ ᠡᠯ᠎ᠡ ᠲᠥᠷᠥᠯ ᠤᠨ ᠪᠣᠯᠪᠠᠰᠤᠷᠠᠯ ᠪᠠ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠳᠠᠳᠬᠠᠯ ᠲᠠᠢ ᠪᠣᠯᠭᠠᠵᠤ᠂ ᠪᠡᠶ᠎ᠡ ᠴᠢᠭᠢᠷᠠᠭᠵᠢᠭᠤᠯᠬᠤ ᠶᠢ ᠬᠠᠶᠢᠷᠠᠯᠠᠬᠤ᠂ ᠡᠷᠡᠭᠦᠯ ᠮᠡᠨᠳᠦ ᠶᠢ ᠬᠥᠭᠡᠭᠡᠴᠡᠯᠳᠦᠬᠦ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠠᠯᠠᠭᠤᠨ ᠥᠷᠨᠢᠯᠲᠡ ᠶᠢ ᠪᠣᠶ ᠪᠣᠯᠭᠠᠨ᠎ᠠ︾ ᠭᠡᠵᠡᠶ᠃    ᠲᠣᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠬᠥᠬᠡ ᠨᠡᠶᠢᠭᠡᠮ ᠲᠣᠭᠤᠷᠢᠭ ᠠᠴᠠ ᠳᠠᠭᠠᠭᠠᠴᠢᠯᠠᠨ ᠡᠷᠭᠢᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号