【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 8 ᠰᠠᠷ᠎ᠠ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 279.91 ᠳ᠋ᠦᠩᠰᠢᠭᠤᠷ ᠲᠥᠭᠦᠷᠢᠭ ᠲᠤ ᠬᠦᠷᠪᠡ
ᠨᠡᠶᠢᠲᠡᠯᠡᠭᠰᠡᠨ ᠴᠠᠭ᠄
2023/9/13
  ᠡᠨᠡ ᠵᠢᠯ ᠤᠨ ᠲᠦᠷᠦᠭᠦᠤ 8 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 279.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 80.8% ᠪᠠᠷ ᠨᠡᠮᠡᠭᠳᠡᠪᠡ᠃ ᠡᠭᠦᠨ ᠳᠤ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠥᠷᠲᠡᠭ 156.85 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 74.3% ᠪᠠᠷ ᠨᠡᠮᠡᠭᠳᠡᠨ᠂ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠥᠷᠲᠡᠭ 123.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.9% ᠪᠠᠷ ᠨᠡᠮᠡᠭᠳᠡᠪᠡ᠃    
  ᠡᠨᠡ ᠵᠢᠯ ᠠᠴᠠ ᠨᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠡᠯᠡᠰᠦ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠪᠡ᠃ ᠡᠷᠢᠶᠡᠨ ᠪᠣᠭᠤᠮᠲᠠ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠣᠭᠤᠮᠲᠠ ᠶᠢᠨ ᠭᠠᠶᠢᠯᠢ ᠲᠠᠲᠠᠪᠤᠷᠢ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠣᠳᠠᠲᠠᠢ ᠠᠵᠢᠯ ᠢᠶᠠᠷ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号