| | 9 ᠰᠠᠷ᠎ᠠ ᠶᠢᠨ 12 ᠤᠨ ᠡᠳᠦᠷ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠤᠨ ᠤᠯᠤᠰ ᠤᠨ ᠢᠷᠡᠭᠡᠳᠦᠶ ᠶᠢᠨ ᠬᠤᠲᠠ ᠶᠢᠨ ᠲᠤᠷᠰᠢᠯᠲᠠ ᠶᠢᠨ ᠲᠠᠰᠤᠭ ᠤᠨ ᠡᠷᠬᠢᠯᠡᠭᠴᠢ᠂ ᠳᠤᠮᠳᠠᠳᠤ | ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠮᠢ ᠠᠬᠤᠶ ᠶᠢᠨ ᠪᠣᠯᠪᠠᠰᠤᠨ ᠤ ᠰᠤᠳᠤᠯᠭᠠᠨ ᠤ | ᠭᠠᠵᠠᠷ ᠤᠨ ᠬᠤᠶᠠᠳᠤᠭᠠᠷ ᠳᠡᠰ ᠤᠨ ᠰᠤᠳᠤᠯᠤᠭᠴᠢ ᠯᠢᠦ ᡁᠢ ᠶᠠᠨ ᠨᠠᠷ ᠮᠠᠨ ᠤ ᠬᠤᠲᠠ ᠳᠤ ᠢᠷᠡᠵᠦ᠂ | ᠴᠦᠯᠯᠡᠷᠭᠡᠭᠵᠢᠯ ᠢ ᠵᠠᠰᠠᠬᠤ᠂ ᠬᠤᠵᠢᠷᠯᠢᠭ ᠭᠠᠵᠠᠷ ᠢ ᠵᠠᠰᠠᠬᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠲᠤᠬᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠵᠠᠩ ᠺᠠᠢ ᠳ᠋ᠦᠩ ᠬᠤᠷᠠᠯ ᠳᠤ ᠣᠷᠣᠯᠴᠠᠪᠠ᠃ | | | ᠪᠠᠶᠢᠴᠠᠭᠠᠨ ᠰᠤᠳᠤᠯᠬᠤ ᠳᠤᠭᠤᠶᠢᠯᠠᠩ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠠᠢ ᠶᠠᠷᠢᠯᠴᠠᠨ ᠰᠣᠯᠢᠯᠴᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠶᠡᠷᠦᠩᠬᠡᠶ ᠪᠠᠶᠢᠳᠠᠯ᠂ ᠭᠠᠵᠠᠷ ᠰᠢᠷᠣᠶ ᠶᠢᠨ ᠡᠯᠡᠰᠦᠷᠬᠡᠭᠵᠢᠯ ᠤᠨ ᠪᠠᠶᠢᠳᠠᠯ᠂ ᠡᠯᠡᠰᠦ ᠶᠢ ᠵᠠᠰᠠᠬᠤ | ᠠᠷᠭ᠎ᠠ ᠬᠡᠮᠵᠢᠶ᠎ᠡ ᠵᠢᠴᠢ ᠦᠷ᠎ᠡ ᠪᠦᠲᠦᠮᠵᠢ᠂ ᠮᠠᠯ ᠠᠵᠤ ᠠᠬᠤᠶ ᠶᠢᠨ ᠪᠠᠶᠢᠳᠠᠯ᠂ ᠠᠭᠤᠷ ᠠᠮᠢᠰᠬᠤᠯ ᠤᠨ ᠬᠤᠪᠢᠷᠠᠯᠲᠠ | ᠂ ᠤᠰᠤᠨ ᠤ ᠡᠬᠢ ᠪᠠᠶᠠᠯᠢᠭ ᠤᠨ ᠪᠠᠶᠢᠳᠠᠯ᠂ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ | | | | | | ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠴᠠᠭᠠᠨ | ᠰᠤᠳᠤᠯᠤᠯᠲᠠ ᠶᠢᠨ ᠰᠡᠳᠦᠪ ᠪᠠ ᠪᠠᠶᠢᠴᠠᠭᠠᠨ ᠰᠤᠳᠤᠯᠤᠯᠲᠠ ᠶᠢᠨ ᠲᠣᠪᠴᠢ ᠲᠠᠢ ᠤᠶᠠᠯᠳᠤᠭᠤᠯᠤᠨ᠂ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ | ᠴᠦᠯᠯᠡᠷᠭᠡᠭᠵᠢᠯ ᠢ ᠵᠠᠰᠠᠬᠤ᠂ ᠬᠤᠵᠢᠷᠯᠢᠭ ᠭᠠᠵᠠᠷ ᠢ ᠵᠠᠰᠠᠬᠤ ᠵᠡᠷᠭᠡ ᠬᠠᠮᠢᠶ᠎ᠠ ᠪᠥᠬᠦᠶ ᠵᠥᠪᠯᠡᠬᠦ ᠰᠡᠳᠦᠪ ᠤᠨ ᠲᠤᠬᠠᠶ | ᠦᠵᠡᠯᠲᠡ ᠪᠠᠨ ᠬᠤᠪᠢᠶᠠᠯᠴᠠᠪᠠ᠃ | ᠲᠤᠰ ᠡᠳᠦᠷ ᠤᠨ ᠦᠳᠡ ᠶᠢᠨ ᠬᠤᠶᠢᠨ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠳᠠᠪᠤᠰᠤᠨ | ᠨᠠᠭᠤᠷ᠂ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠤᠨᠲᠤ ᠨᠠᠭᠤᠷ ᠨᠤᠭᠤ | ᠭᠠᠵᠠᠷ ᠤᠨ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠬᠥᠮᠦᠰ ᠪᠠᠷ᠎ᠠ ᠪᠣᠯᠵᠤ | ᠪᠠᠶᠢᠴᠠᠭᠠᠨ ᠰᠤᠳᠤᠯᠤᠯᠲᠠ ᠬᠢᠪᠡ᠃ | |